ᠬᠤᠤᠯᠢᠩᠭᠤᠤᠯ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠨ᠎ᠡ︾ ︵ᠨᠢᠭᠡ︶               ︱ ᠦᠷᠡᠵᠢᠯ ᠤᠨ ᠨᠥᠬᠦᠪᠦᠷᠢ ᠶᠢ ︽ᠰᠢᠭᠦᠬᠦ ᠦᠭᠡᠢ ᠪᠠᠷ ᠡᠳ᠋ᠯᠡ᠊
ᠨᠡᠶᠢᠲᠡᠯᠡᠭᠰᠡᠨ ᠴᠠᠭ᠄
2024/5/21
   ᠬᠤᠤᠯᠢᠩᠭᠤᠤᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠵᠢᠷᠤᠭ ᠲᠥᠯᠥᠪᠯᠡᠭᠡ ᠪᠠ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠬᠦ ᠶᠢᠨ ᠰᠠᠶᠢᠨ ᠦᠢᠯᠡᠳᠦᠯᠴᠡᠯ ᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ︽ᠬᠦᠷᠲᠡᠮᠵᠢ ᠶᠢᠨ ᠲᠥᠷᠥᠭᠳᠡᠯ︾ ᠢᠶᠠᠷ ᠨᠢᠭᠡᠳᠦᠭᠡᠷ ᠦᠨᠡᠯᠡᠬᠦ ᠪᠠᠷᠢᠮᠵᠢᠶ᠎ᠠ ᠪᠣᠯᠭᠠᠵᠤ᠂ ᠵᠠᠬᠢᠶᠠᠯᠠᠨ ᠦᠢᠯᠡᠳᠦᠭᠰᠡᠨ᠂ ᠢᠵᠢ ᠦᠢᠯᠡᠴᠢᠯᠡᠭᠡᠨ ᠤ ᠮᠠᠶ᠋ᠢᠭ ᠤᠨ᠂ ᠬᠡᠰᠡᠭᠴᠢᠯᠡᠭᠰᠡᠨ ᠦᠢᠯᠡᠴᠢᠯᠡᠭᠡᠨ ᠤ ᠲᠠᠯᠠᠪᠤᠷ ᠢ ᠪᠣᠶ ᠪᠣᠯᠭᠠᠵᠤ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ ᠪᠠ ᠬᠡᠷᠡᠭᠯᠡᠭᠴᠢ ᠶᠢᠨ ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠪᠡ᠃ ᠡᠨᠡ ᠵᠢᠯ ᠤᠨ 5 ᠰᠠᠷ᠎ᠠ ᠶᠢᠨ 1 ᠤ ᠡᠳᠦᠷ ᠬᠤᠤᠯᠢᠩᠭᠤᠤᠯ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠢ ᠵᠢᠩᠬᠢᠨᠢ ᠪᠠᠷ ᠨᠠᠶᠢᠳᠠᠪᠤᠷᠢᠵᠢᠭᠤᠯᠵᠤ᠂ ᠦᠷᠡᠵᠢᠯ ᠤᠨ ᠨᠥᠬᠦᠪᠦᠷᠢ ᠶᠢᠨ ︽ᠭᠤᠶᠤᠴᠢᠯᠠᠬᠤ ᠦᠭᠡᠢ ᠪᠠᠷ ᠡᠳ᠋ᠯᠡᠬᠦ︾ ᠦᠢᠯᠡᠴᠢᠯᠡᠭᠡ  ᠶᠢ ᠬᠡᠷᠡᠭᠵᠢᠭᠦᠯᠵᠦ᠂ ᠡᠮᠡᠭᠲᠡᠢ ᠠᠵᠢᠯᠲᠠᠨ ᠠᠵᠢᠯᠴᠢᠨ ᠲᠣᠰ ᠬᠤᠲᠠ ᠶᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠥᠩᠭᠡᠵᠢᠵᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠣᠳᠣᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠴᠠᠭ ᠲᠤᠬᠠᠢ ᠳᠤᠨᠢ ᠬᠦᠷᠭᠡᠨ ᠥᠭᠴᠦ᠂ ᠰᠢᠰᠲ᠋ᠧᠮ ᠤᠨ ᠬᠢᠨ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠠᠦ᠋ᠲ᠋ᠣ᠋ ᠬᠠᠷᠭᠤᠭᠤᠯᠤᠨ ᠰᠢᠯᠭᠠᠬᠤ ᠶᠢᠨ ᠬᠠᠮᠲᠤ ᠦᠷᠡᠵᠢᠯ ᠤᠨ ᠨᠡᠮᠡᠭᠦᠷᠢ ᠶᠢ ᠲᠣᠭᠠᠴᠠᠭ᠎ᠠ ᠬᠢᠵᠦ᠂ 10 ᠠᠵᠢᠯᠯᠠᠬᠤ ᠡᠳᠦᠷ ᠤᠨ ᠳᠣᠲᠣᠷ᠎ᠠ ᠨᠡᠮᠡᠭᠦᠷᠢ ᠶᠢ ᠰᠠᠯᠭᠠᠨ ᠥᠭᠬᠦ ᠶᠢ ᠪᠡᠶᠡᠯᠡᠭᠦᠯᠦᠨ᠎ᠡ᠃    ᠥᠩᠭᠡᠷᠡᠭᠰᠡᠨ ᠳᠤ᠂ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠦᠷᠡᠵᠢᠯ ᠤᠨ ᠨᠥᠬᠦᠪᠦᠷᠢ ᠮᠥᠩᠭᠦ ᠭᠥᠷᠳᠡᠬᠦ ᠦᠶ᠎ᠡ ᠳᠤ᠂ ᠬᠥᠮᠥᠨ ᠬᠡᠷᠡᠭᠯᠡᠬᠦ ᠨᠢᠭᠡᠴᠢ ᠪᠤᠶᠤ ᠬᠤᠪᠢ ᠬᠥᠮᠥᠨ ᠬᠥᠩᠭᠡᠵᠢᠵᠦ ᠡᠮᠨᠡᠯᠭᠡ ᠳᠤ ᠰᠠᠭᠤᠭᠰᠠᠨ ᠮᠠᠲ᠋ᠧᠷᠢᠶᠠᠯ᠂ ᠪᠡᠶ᠎ᠡ ᠶᠢᠨ ᠦᠨᠡᠮᠯᠡᠯ ᠤᠨ ᠮᠠᠲ᠋ᠧᠷᠢᠶᠠᠯ ᠢᠶᠠᠨ ᠠᠪᠴᠤ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠨ ᠳᠤ ᠬᠦᠷᠴᠦ ᠭᠤᠶᠤᠴᠢᠯᠠᠨ᠎ᠠ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠨᠥᠬᠦᠪᠦᠷᠢ ᠮᠥᠩᠭᠦ ᠪᠠᠨ ᠬᠥᠮᠥᠨ ᠬᠡᠷᠡᠭᠯᠡᠬᠦ ᠨᠢᠭᠡᠴᠢ ᠶᠢᠨ ᠪᠠᠩᠬᠢ ᠶᠢᠨ ᠲᠠᠩᠰᠠᠨ ᠡᠷᠦᠬᠡ ᠳᠤ ᠰᠢᠯᠵᠢᠭᠦᠯᠦᠨ ᠥᠭᠬᠦ ᠬᠡᠷᠡᠭᠲᠡᠢ᠂ ᠭᠠᠷ ᠭᠦᠢᠴᠡᠳᠬᠡᠯ ᠨᠢ ᠶᠠᠷᠰᠢᠭ ᠲᠦᠪᠡᠭᠲᠡᠢ᠂ ᠲᠤᠰᠢᠶᠠᠬᠤ ᠮᠠᠲ᠋ᠧᠷᠢᠶᠠᠯ ᠨᠢ ᠣᠯᠠᠨ᠂ ᠲᠤᠰᠢᠶᠠᠬᠤ ᠮᠠᠲ᠋ᠧᠷᠢᠶᠠᠯ ᠨᠢ ᠪᠦᠷᠢᠨ ᠪᠤᠰᠤ ᠪᠣᠯᠬᠤ ᠦᠶ᠎ᠡ ᠳᠤ ᠪᠠᠰᠠ ᠨᠠᠭᠠᠰᠢ ᠴᠠᠭᠠᠰᠢ ᠭᠠᠷ ᠭᠦᠢᠴᠡᠳᠬᠡᠯ ᠬᠢᠬᠦ ᠬᠡᠷᠡᠭᠲᠡᠢ᠃ ᠦᠷᠡᠵᠢᠯ ᠤᠨ ᠨᠡᠮᠡᠭᠦᠷᠢ ᠶᠢ ︽ᠬᠢᠨᠠᠨ ᠪᠠᠶᠢᠴᠠᠭᠠᠬᠤ ᠦᠭᠡᠢ ᠪᠠᠷ ᠡᠳ᠋ᠯᠡᠨ᠎ᠡ︾ ᠭᠡᠳᠡᠭ ᠨᠢ ᠭᠠᠷ ᠭᠦᠢᠴᠡᠳᠬᠡᠯ᠂ ᠭᠤᠭᠴᠤᠭ᠎ᠠ᠂ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠭᠵᠢᠷᠡᠯ᠂ ᠬᠦᠴᠢᠷ ᠠᠰᠠᠭᠤᠳᠠᠯ ᠢ ᠨᠠᠪᠲᠠᠷᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠢ ᠦᠢᠯᠡᠴᠢᠯᠡᠭᠡ ᠬᠠᠩᠭᠠᠭᠰᠠᠨ ᠪᠠᠶᠢᠨ᠎ᠠ᠃    ᠢᠷᠡᠭᠡᠳᠦᠢ ᠳᠤ᠂ ᠬᠤᠤᠯᠢᠩᠭᠤᠤᠯ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠬᠤᠤᠯᠢᠩᠭᠤᠤᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠲᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠲᠤᠷᠰᠢᠯᠭ᠎ᠠ ᠠᠷᠭ᠎ᠠ ᠬᠡᠮᠵᠢᠶ᠎ᠡ ᠪᠠ ᠪᠣᠳᠠᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠨᠡᠶᠢᠲᠡᠯᠡᠬᠦ ᠪᠣᠯᠣᠨ᠎ᠠ᠃ ᠠᠵᠤ ᠠᠬᠤᠶᠢᠯᠠᠯ ᠤᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠠᠰᠠᠭᠤᠳᠠᠯ ᠤᠨ ᠬᠠᠷᠢᠭᠤᠯᠲᠠ ᠶᠢ ᠨᠠᠷᠢᠯᠢᠭ ᠣᠨᠣᠴᠠᠲᠠᠢ ᠪᠠᠷ ᠬᠠᠩᠭᠠᠵᠤ᠂ ᠦᠢᠯᠡᠴᠢᠯᠡᠭᠡᠨ ᠤ ᠠᠷᠭ᠎ᠠ ᠵᠠᠮ ᠢ ᠦᠷᠭᠦᠯᠵᠢᠯᠡᠨ ᠥᠷᠭᠡᠳᠬᠡᠬᠦ ᠶᠢᠨ ᠬᠠᠮᠲᠤ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠥᠬᠦᠮ ᠪᠣᠯᠭᠠᠬᠤ᠂ ᠵᠢᠷᠤᠮᠵᠢᠭᠤᠯᠬᠤ︾ ᠪᠠᠷ ᠲᠣᠬᠢᠶᠠᠯ ᠪᠣᠯᠭᠠᠨ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠨᠠᠩ ᠬᠠᠯᠠᠭᠤᠨ ᠳᠤᠯᠠᠭᠠᠨ᠂ ᠨᠠᠩ ᠳᠣᠲᠣᠨᠣ ᠪᠣᠯᠭᠠᠬᠤ ᠶᠢ ᠲᠦᠯᠬᠢᠨ ᠠᠬᠢᠭᠤᠯᠤᠨ᠎ᠠ᠃    ᠬᠠᠯᠠᠭᠤᠨ ᠳᠣᠲᠣᠨᠣ ᠰᠠᠨᠠᠭᠤᠯᠤᠮᠵᠢ᠄ ᠬᠥᠩᠭᠡᠵᠢᠬᠦ ᠠᠴᠠ ᠡᠮᠦᠨ᠎ᠡ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠵᠠᠯᠭᠠᠭ᠎ᠠ ᠪᠠᠷ 12 ᠰᠠᠷ᠎ᠠ ᠠᠴᠠ ᠳᠡᠭᠡᠭᠰᠢ ᠲᠤᠰᠢᠶᠠᠭᠰᠠᠨ ᠡᠮᠡᠭᠲᠡᠢ ᠠᠵᠢᠯᠲᠠᠨ ᠠᠵᠢᠯᠴᠢᠨ ︵ᠠᠮᠢᠳᠤᠯᠢᠭ ᠢᠶᠠᠷ ᠠᠵᠢᠯ ᠣᠯᠬᠤ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠪᠠᠭᠲᠠᠬᠤ ᠦᠭᠡᠢ︶ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP᠂ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠶᠢ ᠠᠯᠢ ᠲᠦᠷᠭᠡᠨ ᠢᠶᠠᠷ ᠬᠡᠷᠡᠭᠯᠡᠬᠦ ᠪᠤᠶᠤ ᠨᠢᠭᠡᠴᠡ ᠶᠢᠨ ᠭᠠᠷᠲᠠᠨ ᠭᠦᠢᠴᠡᠳᠭᠡᠭᠴᠢ ᠠᠴᠠ ᠬᠤᠪᠢ ᠬᠥᠮᠥᠨ ᠤ ᠪᠠᠩᠬᠢ ᠶᠢᠨ ᠲᠠᠩᠰᠠᠨ ᠡᠷᠦᠬᠡ ᠶᠢᠨ ᠮᠡᠳᠡᠭᠡ ᠵᠠᠩᠭᠢ ᠪᠠᠨ ᠰᠢᠨᠡᠳᠬᠡᠵᠦ᠂ ᠦᠷᠡᠵᠢᠯ ᠤᠨ ᠨᠡᠮᠡᠭᠦᠷᠢ ᠣᠯᠭᠤᠬᠤ ᠠᠬᠢᠴᠠ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号