ᠵᠦᠰᠬᠤᠸᠠ ᠵᠡᠭᠡᠯᠢ ᠭᠤᠳᠤᠮᠵᠢ᠂ ᠵᠢᠷᠢᠮ ᠵᠡᠭᠡᠯᠢ ᠶᠢᠨ ᠵᠡᠭᠦᠨ ᠬᠡᠰᠡᠭ ᠢᠶᠠᠷ ᠶᠠᠪᠤᠵᠤ᠂ ᠦᠢᠯᠡᠰ ᠪᠤᠰᠬᠠᠬᠤ | ᠠᠭᠤᠳᠠᠮ ᠲᠠᠯᠠᠪᠠᠢ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ | ᠡᠭᠦᠳᠦᠨ ᠪᠠᠶᠢᠭᠤᠯᠬᠤ︾᠂ ︽ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠡᠷᠭᠡ | ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ ᠠᠯᠤᠰ ᠠᠴᠠ ᠣᠯᠵᠤ ᠬᠠᠷᠠᠪᠠ᠃ ᠠᠭᠤᠳᠠᠮ ᠲᠠᠯᠠᠪᠠᠶ ᠳᠤ ᠬᠦᠷᠬᠦ ᠳᠤ᠂ | ︽ᠵᠦᠰᠬᠤᠸᠠ · ᠠᠨᠠᠷ ᠤᠨ ᠤᠯᠠᠭᠠᠨ︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠰᠣᠶᠣᠯ ᠤᠨ | ᠭᠠᠷᠠᠭ ᠤᠨ ᠭᠤᠤᠯ ᠰᠡᠳᠦᠪᠲᠦ ᠠᠵᠢᠯᠯᠠᠭ᠎ᠠ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ ᠁ | | | | | | | | ︽ᠸᠢᠴᠠᠲ ᠤᠨ ᠨᠠᠶᠢᠵᠠ ᠶᠢᠨ ᠬᠦᠷᠢᠶᠡᠨ ᠳᠤ᠂ ᠮᠠᠰᠢ ᠣᠯᠠᠨ ᠬᠥᠮᠦᠨ ᠠᠳᠠᠯ ᠦᠢᠯᠡᠰ ᠴᠣᠭᠴᠠᠯᠠᠬᠤ | ᠲᠠᠯᠠᠪᠠᠶ ᠶᠢᠨ ᠰᠣᠶᠣᠯ ᠤᠨ ᠭᠠᠷᠠᠭ ᠤᠨ ᠲᠤᠬᠠᠶ ᠶᠢᠨ ᠲᠠᠯᠠᠪᠤᠷ ᠲᠤ ᠢᠷᠡᠵᠦ ᠵᠤᠭᠠᠴᠠᠨ ᠨᠠᠭᠠᠳᠬᠤ ᠶᠢ ᠣᠯᠵᠤ | ᠬᠠᠷᠠᠭᠠᠳ᠂ ᠭᠠᠷᠠᠭ ᠤᠨ ᠰᠡᠭᠦᠯᠴᠢ ᠶᠢᠨ ᠵᠠᠪᠰᠢᠶᠠᠨ ᠢᠶᠠᠷ ᠪᠢ ᠪᠠᠰᠠ ᠬᠡᠤᠬᠡᠳ ᠢᠶᠠᠨ ᠳᠠᠭᠠᠭᠤᠯᠤᠨ ᠬᠡᠷ ᠤᠨ | ᠬᠥᠮᠦᠰ ᠲᠠᠢ ᠪᠠᠨ ᠬᠠᠮᠲᠤ ᠠᠳᠡ ᠢᠷᠡᠵᠦ ᠬᠥᠷ ᠨᠠᠷᠭᠢᠶᠠᠨ ᠲᠠᠢ ᠰᠠᠨᠠᠭᠳᠠᠵᠤ ᠪᠠᠶᠢᠨ᠎ᠠ᠂ ᠪᠠᠰᠠ ᠰᠠᠶᠢᠨ ᠳᠤᠷ᠎ᠠ ᠶᠢᠨ | ᠦᠢᠯᠡᠴᠢᠯᠡᠭᠴᠢᠳ ᠪᠢᠳᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ | ᠂ ᠪᠢᠳᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠪᠡ᠂ | ᠢᠩᠭᠢᠪᠡᠯ ᠣᠯᠠᠨ ᠲᠦᠮᠡᠨ ᠲᠠᠢ ᠣᠶᠢᠷᠠᠲᠤᠭᠰᠠᠨ ᠤᠬᠠᠭᠤᠯᠭ᠎ᠠ ᠶᠢᠨ ᠠᠷᠭ᠎ᠠ ᠮᠠᠶ᠋ᠢᠭ ᠨᠢ ᠪᠢᠳᠡ ᠮᠠᠰᠢ ᠳᠤᠷᠠᠲᠠᠶ | ᠪᠠᠶᠢᠨ᠎ᠠ︾ ᠭᠡᠵᠦ ᠯᠢ ᠬᠤᠸᠠ ᠬᠡᠯᠡᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠤᠯᠠᠭᠠᠨ ᠬᠠᠨᠵᠢᠶᠠᠷ ᠡᠮᠦᠰᠦᠭᠰᠡᠨ ᠵᠦᠰᠬᠤᠸᠠ ᠵᠡᠭᠡᠯᠢ | ᠲᠣᠭᠤᠷᠢᠭ ᠤᠨ ᠺᠠᠳ᠋ᠷ ᠠᠵᠢᠯᠲᠠᠨ ᠠᠵᠢᠯᠴᠢᠨ ᠪᠠᠶᠢᠬᠤ ᠶᠢ ᠣᠯᠵᠤ ᠬᠠᠷᠠᠵᠤ᠂ ᠲᠡᠳᠡ ᠨᠢᠭᠡ ᠲᠠᠯ᠎ᠠ ᠪᠠᠷ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠢᠶᠠᠨ ᠠᠳᠬᠤᠵᠤ᠂ ᠨᠢᠭᠡ | ᠲᠠᠯ᠎ᠠ ᠪᠠᠷ ᠠᠨᠠᠷ ᠤᠨ ᠬᠡ ᠵᠢᠷᠤᠭ ᠲᠠᠢ ᠪᠦᠰ ᠪᠣᠭᠴᠣ ᠪᠠᠨ ᠵᠡᠭᠦᠯᠭᠡᠵᠦ᠂ ᠲᠠᠯᠠᠪᠠᠶ ᠳᠤ ᠵᠤᠭᠠᠴᠠᠨ ᠨᠠᠭᠠᠳᠳᠠᠭ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠪᠦᠰ | ᠪᠣᠭᠴᠣ ᠲᠠᠷᠬᠠᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ | ᠦᠨᠳᠦᠰᠦᠲᠡᠨ ᠤ ᠪᠦᠯᠬᠦᠮᠳᠡᠯ ᠤᠨ ᠮᠡᠳᠡᠪᠡᠰᠦ ᠵᠣᠬᠢᠬᠤ ᠮᠡᠳᠡᠯᠭᠡ ᠶᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯᠯᠠᠭ᠎ᠠ ᠶᠢ ᠦᠢᠯᠡᠳᠦᠯᠭᠡᠵᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠬᠠᠮᠲᠤ᠂ ᠲᠣᠰ ᠵᠡᠭᠡᠯᠢ ᠭᠤᠳᠤᠮᠵᠢ ᠰᠢᠭᠦᠬᠦ ᠬᠤᠷᠢᠶ᠎ᠠ | ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ | ᠵᠡᠷᠭᠡ ᠣᠯᠠᠨ ᠨᠢᠭᠡᠴᠡ ᠲᠠᠢ ᠬᠠᠮᠲᠤᠷᠠᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠨᠡᠭᠦᠳᠡᠯ ᠤᠬᠠᠭᠤᠯᠭ᠎ᠠ ᠶᠢᠨ ᠲᠠᠪᠴᠠᠩ ᠭᠠᠷᠭᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠲᠤᠰᠬᠠᠶ | ᠮᠡᠷᠭᠡᠵᠢᠯ ᠤᠨ ᠠᠵᠢᠯᠲᠠᠨ ᠵᠢᠴᠢ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠯᠪᠠᠨ ᠬᠡᠷ ᠤᠨ ᠠᠵᠢᠯᠲᠠᠨ ᠠᠴᠠ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠠᠤᠯᠢ ᠲᠦᠭᠡᠮᠡᠯᠵᠢᠭᠦᠯᠬᠦ ᠡᠩᠨᠡᠭᠡ ᠶᠢ ᠪᠦᠷᠢᠯᠳᠦᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠵᠥᠪᠯᠡᠯᠭᠡ | ᠥᠭᠬᠦ ᠦᠢᠯᠡᠴᠢᠯᠡᠭᠡ ᠬᠠᠩᠭᠠᠪᠠ᠃ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠤ ᠡᠮᠦᠨ᠎ᠡ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠩᠨᠡᠭᠡᠨ ᠤ ᠠᠵᠢᠯᠲᠠᠳ ᠦᠨᠳᠦᠰᠦᠲᠡᠨ ᠨᠦᠭᠦᠳ ᠤᠨ | ᠣᠯᠠᠨ ᠲᠦᠮᠡᠨ ᠤ ᠳᠡᠷᠭᠡᠳᠡᠬᠢ ᠥᠯᠢᠭᠡᠷ ᠲᠠᠢ ᠤᠶᠠᠯᠳᠤᠭᠤᠯᠤᠨ ᠬᠡᠷᠡᠭ ᠢᠶᠠᠷ ᠬᠠᠤᠯᠢ ᠴᠠᠭᠠᠵᠠ ᠶᠢᠨ ᠮᠡᠳᠡᠯᠭᠡ ᠶᠢ | ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠬᠤ ᠶᠢᠨ ᠬᠠᠮᠲᠤ ᠣᠯᠠᠨ ᠤ ᠠᠰᠠᠭᠤᠨ ᠯᠠᠪᠯᠠᠬᠤ ᠡᠯ᠎ᠡ | ᠲᠥᠷᠥᠯ ᠤᠨ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠪᠠ᠃ | |