ᠬᠤᠤᠯᠢᠩᠭᠤᠤᠯ ᠬᠤᠲᠠ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠠᠷᠠᠳ ᠲᠦᠮᠡᠨ ᠳᠤ ᠦᠢᠯᠡᠴᠢᠯᠡᠬᠦ ᠵᠢᠭᠰᠠᠭᠠᠯ ᠤᠨ ᠭᠠᠵᠠᠷ ᠳᠡᠰ ᠲᠡᠪᠰᠢᠪᠡ
ᠨᠡᠶᠢᠲᠡᠯᠡᠭᠰᠡᠨ ᠴᠠᠭ᠄
2024/5/29
   5 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ ᠮᠦᠰᠦᠲᠠᠢ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠬᠡᠳᠦᠨ ᠤᠳᠠᠭᠠᠨ ᠤ ᠠᠵᠢᠯᠯᠠᠭ᠎ᠠ ᠵᠡᠷᠭᠡᠪᠡᠷ ᠶᠠᠪᠤᠭᠳᠠᠪᠠ᠃ ᠲᠥᠪ ᠤᠨ ᠨᠢᠭᠡᠳᠦᠭᠡᠷ ᠳᠠᠪᠬᠤᠷᠭ᠎ᠠ ᠳᠤ᠂ ᠵᠠᠷᠢᠮ ᠰᠠᠭᠤᠭᠠᠯᠢ ᠠᠷᠠᠳ ᠶᠠᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠢᠨ᠎ᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠪᠠᠨ ᠠᠪᠴᠤ ᠠᠵᠢᠯᠲᠠᠨ ᠨᠠᠷᠢᠨ ᠨᠢᠮᠪᠠᠶ ᠬᠠᠷᠢᠭᠤᠯᠵᠤ᠂ ᠣᠯᠠᠨ ᠢᠶᠠᠷ ᠢᠶᠠᠨ ᠰᠦᠢᠳᠬᠡᠯ ᠲᠤᠰᠢᠶᠠᠬᠤ ᠲᠠᠰ᠂ ᠵᠠᠰᠠᠭ ᠤᠨ ᠣᠷᠳᠣᠨ ᠤ ᠨᠥᠬᠦᠪᠥᠷᠢ ᠶᠢᠨ ᠬᠠᠷᠠᠭᠠᠯᠵᠠᠯ᠂ ᠣᠯᠭᠤᠮᠵᠢ ᠠᠪᠬᠤ ᠵᠡᠷᠭᠡ ᠠᠭᠤᠯᠭ᠎ᠠ ᠶᠢ ᠨᠠᠷᠢᠨ ᠬᠢᠨᠠᠮᠠᠭᠠᠶ ᠣᠶᠢᠯᠠᠭᠠᠭᠰᠠᠨ ᠪᠥᠭᠡᠳ ᠠᠵᠢᠯᠲᠠᠳ ᠠᠴᠠ ᠪᠠᠶᠢᠨ ᠪᠠᠶᠢᠨ ᠠᠰᠠᠭᠤᠨ ᠯᠠᠪᠯᠠᠵᠤ ᠪᠠᠶᠢᠪᠠ᠃ ᠳᠥᠷᠪᠡᠳᠦᠭᠡᠷ ᠳᠠᠪᠬᠤᠷ ᠤᠨ ︽ᠪᠡᠭᠡ ᠪᠠ ᠬᠡᠯᠡᠨ ᠤ ᠴᠤᠭᠯᠠᠭᠠᠨ︾ ᠳᠤ᠂ ᠲᠠᠪᠤ ᠵᠢᠷᠭᠤᠭᠠᠨ ᠰᠠᠭᠤᠭᠠᠯᠢ ᠠᠷᠠᠳ ᠪᠠᠭᠰᠢ ᠪᠠᠨ ᠳᠠᠭᠠᠵᠤ ᠵᠢᠷᠤᠭ ᠪᠠ ᠤᠷᠠᠨ ᠪᠢᠴᠢᠯᠭᠡ ᠶᠢ ᠰᠤᠷᠴᠤ᠂ ᠬᠤᠶᠠᠷ ᠲᠠᠯ᠎ᠠ ᠶᠢᠨ ᠬᠠᠨᠠᠨ ᠳᠡᠭᠡᠷ᠎ᠡ ᠭᠤᠶᠤ ᠰᠠᠶᠢᠬᠠᠨ ᠤᠷᠠᠨ ᠪᠢᠴᠢᠯᠭᠡ ᠤᠷᠠᠨ ᠵᠢᠷᠤᠭ ᠪᠠ ᠭᠡᠷᠡᠯ ᠵᠢᠷᠤᠭ ᠤᠨ ᠪᠦᠲᠦᠭᠡᠯ ᠢ ᠡᠯᠭᠦᠵᠦ᠂ ᠰᠣᠶᠣᠯ ᠤᠨ ᠠᠭᠤᠷ ᠠᠮᠢᠰᠬᠤᠯ ᠢᠶᠠᠷ ᠭᠦᠨ ᠵᠤᠵᠠᠭᠠᠨ᠂ ᠲᠠᠯ᠎ᠠ ᠨᠤᠲᠤᠭ ᠤᠨ ᠨᠣᠮ ᠤᠨ ᠥᠷᠥᠭᠡ ᠳᠤ᠂ ᠬᠡᠳᠦᠨ ᠰᠠᠭᠤᠭᠠᠯᠢ ᠠᠷᠠᠳ ᠨᠢᠭᠡ ᠲᠠᠯ᠎ᠠ ᠪᠠᠷ ᠰᠢᠨ᠎ᠡ ᠨᠣᠮ ᠲᠠᠨᠢᠯᠴᠠᠭᠤᠯᠵᠤ᠂ ᠨᠦᠭᠦᠭᠡ ᠲᠠᠯ᠎ᠠ ᠪᠠᠷ ᠰᠡᠳᠬᠢᠯ ᠰᠠᠨᠠᠭ᠎ᠠ ᠪᠠᠨ ᠰᠣᠯᠢᠯᠴᠠᠵᠠᠢ ︔ ᠮᠣᠷᠢᠨ ᠬᠤᠭᠤᠷ ᠤᠨ ᠬᠥᠳᠡᠯᠭᠡᠭᠡᠨ ᠤ ᠥᠷᠥᠭᠡ ᠴᠦ ᠮᠠᠰᠢ ᠬᠥᠷ ᠬᠥᠭᠵᠢᠶᠡᠨ ᠲᠠᠢ ᠪᠠᠶᠢᠵᠤ᠂ ᠪᠠᠶᠢᠨ ᠪᠠᠶᠢᠨ ᠳᠠᠭᠤᠤ ᠪᠠ ᠢᠨᠢᠶᠡᠳᠦ ᠶᠢᠨ ᠲᠠᠭᠤᠨ ᠰᠣᠨᠣᠰᠳᠠᠨ᠎ᠠ᠃

   ᠨᠠᠮ ᠤᠨ ᠬᠡᠰᠢᠬᠦᠨ ᠣᠯᠠᠨ ᠲᠦᠮᠡᠨ ᠤ ᠦᠢᠯᠡᠴᠢᠯᠡᠭᠡᠨ ᠤ ᠲᠦᠪ ᠤᠨ ᠰᠢᠰᠲ᠋ᠧᠮ ᠤᠨ ᠴᠢᠳᠠᠮᠵᠢ ᠶᠢ

ᠳᠡᠭᠡᠭᠰᠢᠯᠡᠬᠦᠯᠬᠦ ᠠᠵᠢᠯᠯᠠᠭ᠎ᠠ ᠶᠢ ᠬᠦᠨᠵᠡᠭᠡᠶᠢᠷᠡᠬᠦᠯᠵᠦ᠂ ᠮᠦᠰᠦᠲᠠᠢ ᠵᠡᠭᠡᠯᠢ ᠭᠤᠲᠣᠮᠵᠢ ᠶᠢᠨ ᠨᠠᠮ ᠣᠯᠠᠨ ᠲᠦᠮᠡᠨ ᠤ

ᠦᠢᠯᠡᠴᠢᠯᠡᠭᠡᠨ ᠤ ᠲᠦᠪ ︽ᠨᠠᠮ ᠤᠨ ᠠᠵᠢᠯ ᠢ ᠪᠦᠬᠦᠨ ᠢ ᠪᠦᠷᠬᠦᠬᠦᠯᠵᠦ᠂ ᠣᠯᠠᠨ ᠲᠦᠮᠡᠨ ᠳᠤ ᠦᠢᠯᠡᠴᠢᠯᠡᠬᠦ ᠳᠤ

ᠵᠠᠢ ᠵᠠᠪᠰᠠᠷ ᠦᠭᠡᠢ ᠪᠠᠶᠢᠬᠤ︾ ᠬᠠᠷᠠᠯᠲᠠ ᠶᠢᠨ ᠲᠣᠭᠤᠷᠢᠨ ᠳᠤ᠂ ︽ᠰᠠᠭᠤᠷᠢᠨ ᠭᠠᠵᠠᠷ ᠤᠨ ᠬᠡᠷᠡᠭᠴᠡᠭᠡ ᠲᠠᠢ᠂

ᠦᠢᠯᠡᠴᠢᠯᠡᠭᠡ ᠲᠠᠢ᠂ ᠣᠯᠠᠨ ᠲᠦᠮᠡᠨ ᠳᠤ ᠦᠢᠯᠡᠴᠢᠯᠡᠬᠦ ᠬᠠᠶᠢᠷ᠎ᠠ ᠲᠠᠢ︾ ᠨᠠᠮ ᠪᠠ ᠣᠯᠠᠨ ᠲᠦᠮᠡᠨ ᠤ

ᠦᠢᠯᠡᠴᠢᠯᠡᠭᠡᠨ ᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠵᠦ᠂ ᠨᠠᠮ ᠪᠠ ᠣᠯᠠᠨ ᠲᠦᠮᠡᠨ ᠤ

ᠦᠢᠯᠡᠴᠢᠯᠡᠭᠡᠨ ᠤ ᠲᠥᠪ ᠢ ᠨᠠᠮ ᠤᠨ ᠪᠠᠶᠢᠭᠤᠯᠣᠯᠲᠠ ᠪᠠᠷ ᠦᠨᠳᠦᠰᠦᠨ ᠱᠠᠲᠣᠨ ᠤ ᠵᠠᠰᠠᠯᠲᠠ ᠶᠢ ᠬᠦᠳᠣᠯᠣᠨ

ᠲᠠᠭᠠᠭᠤᠯᠬᠤ ᠡᠮᠦᠨ᠎ᠡ ᠹᠷᠣᠨᠲ ᠤᠨ ᠰᠠᠭᠤᠷᠢᠨ ᠭᠠᠵᠠᠷ ᠪᠠ ᠣᠯᠠᠨ ᠲᠦᠮᠡᠨ ᠳᠤ ᠦᠢᠯᠡᠴᠢᠯᠡᠬᠦ ᠬᠠᠯᠠᠭᠤᠨ ᠳᠤᠯᠠᠭᠠᠨ

ᠭᠡᠷ ᠣᠷᠣᠨ ᠪᠣᠯᠭᠠᠨ ᠪᠦᠲᠦᠭᠡᠨ ᠪᠠᠶᠢᠭᠤᠯᠣᠭᠰᠠᠨ ᠪᠠᠶᠢᠨ᠎ᠠ᠃

   ᠴᠢᠳᠠᠮᠵᠢ ᠪᠠᠨ ᠲᠡᠰ ᠳᠡᠪᠰᠢᠭᠦᠯᠵᠦ᠂ ᠨᠢᠭᠡ ᠦᠷᠳᠡᠭᠡᠯᠢᠭ ︽ᠬᠠᠯᠠᠭᠤᠨ ᠳᠤᠯᠠᠭᠠᠨ ᠭᠡᠷ ᠣᠷᠣᠨ︾ ᠢ

ᠪᠠᠶᠢᠭᠤᠯᠤᠨ᠎ᠠ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ︽

ᠲᠠᠪᠤᠨ ᠭᠤᠷᠪᠠ︾ ᠶᠢᠨ ᠪᠠᠷᠢᠮᠵᠢᠶ᠎ᠠ ᠶᠣᠰᠣᠭᠠᠷ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ

ᠪᠥᠭᠡᠮᠨᠡᠷᠡᠯ ᠢ ᠬᠦᠴᠦᠯᠡᠨ ᠪᠠᠶᠢᠭᠤᠯᠵᠤ᠂ ᠲᠤᠬᠠᠶᠢᠯᠠᠪᠠᠯ 1 ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ

ᠦᠢᠯᠡᠴᠢᠯᠡᠭᠡᠨ ᠤ ᠲᠥᠪ᠂ 1 ᠬᠤᠳᠠᠯᠳᠤᠭᠠᠨ ᠤ ᠬᠦᠷᠢᠶᠡᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ

᠂ 6 ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ

ᠰᠢᠰᠲ᠋ᠧᠮ ᠢ ᠪᠠᠶᠢᠭᠤᠯᠵᠤ᠂ 1 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ 6 ᠰᠢᠨ᠎ᠡ ᠴᠠᠭ

ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠵᠢᠷᠤᠮᠵᠢᠭᠤᠯᠤᠨ ᠪᠠᠶᠢᠭᠤᠯᠤᠨ᠎ᠠ᠃ ᠶᠡᠷᠦᠩᠬᠡᠶᠢᠯᠡᠭᠰᠡᠨ

ᠦᠢᠯᠡᠴᠢᠯᠡᠭᠡ᠂ ᠨᠠᠮ ᠪᠠ ᠣᠯᠠᠨ ᠲᠦᠮᠡᠨ ᠤ ᠠᠵᠢᠯᠯᠠᠭ᠎ᠠ᠂ ᠤᠬᠠᠭᠤᠯᠭ᠎ᠠ ᠬᠥᠮᠦᠵᠢᠯ᠂ ᠬᠠᠮᠲᠤ ᠪᠠᠷ ᠵᠠᠰᠠᠬᠤ ᠬᠡᠷᠡᠭ

ᠡᠷᠬᠢᠯᠡᠭᠴᠢ ᠵᠡᠷᠭᠡ 4 ᠴᠢᠳᠠᠮᠵᠢᠳᠤ ᠣᠷᠣᠨ ᠢ ᠳᠣᠭᠢᠷᠠᠭᠤᠯᠵᠤ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ

ᠲᠠᠰᠤᠭ᠂ ᠰᠡᠳᠬᠢᠴᠡ ᠶᠢᠨ ᠵᠥᠪᠯᠡᠯᠭᠡ ᠥᠭᠬᠦ ᠲᠠᠰᠤᠭ᠂ ᠬᠥᠷᠰᠢ ᠵᠡᠷᠭᠡᠯᠡᠳᠡᠭᠡ ᠶᠢᠨ ᠵᠤᠭᠤᠭᠳᠠᠬᠤ ᠭᠠᠵᠠᠷ᠂ ᠤᠷᠠᠨ

ᠪᠢᠴᠢᠯᠭᠡ ᠤᠷᠠᠨ ᠵᠢᠷᠤᠭ ᠤᠨ ᠲᠠᠰᠤᠭ᠂ ᠰᠢᠲᠠᠷ᠎ᠠ ᠶᠢᠨ ᠥᠷᠥᠭᠡ ᠵᠡᠷᠭᠡ ᠴᠢᠳᠠᠮᠵᠢ ᠶᠢᠨ ᠲᠠᠰᠤᠭ ᠢ ᠤᠯᠠᠮ ᠨᠢᠭᠡ

ᠠᠯᠬᠤᠮ ᠰᠢᠯᠢᠳᠡᠭᠵᠢᠭᠦᠯᠪᠡ᠃ ᠠᠩᠬ᠎ᠠ ᠠᠰᠠᠭᠤᠬᠤ ᠳᠤ ᠬᠠᠷᠢᠭᠤᠴᠠᠬᠤ᠂ ᠨᠢᠭᠡ ᠯᠡ ᠤᠳᠠᠭ᠎ᠠ ᠳᠤ ᠮᠡᠳᠡᠭᠳᠡᠬᠦ᠂ ᠴᠠᠭ

ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠵᠡᠷᠭᠡ ᠦᠢᠯᠡᠴᠢᠯᠡᠭᠡᠨ ᠤ ᠲᠣᠭᠲᠠᠴᠠ ᠶᠢ 7 ᠵᠦᠢᠯ ᠢ ᠪᠦᠷᠢᠨᠰᠢᠭᠦᠯᠦᠨ

ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠨᠠᠷᠢᠨ ᠬᠠᠭᠤᠳᠠᠰᠤ ᠶᠢ ᠨᠠᠷᠢᠯᠢᠬᠵᠢᠭᠤᠯᠤᠨ᠂ ᠬᠠᠪᠰᠤᠷᠤᠨ ᠭᠦᠢᠴᠡᠳᠬᠡᠬᠦ

ᠠᠵᠢᠯᠲᠠᠨ 16 ᠬᠥᠮᠥᠨ ᠢ ᠲᠣᠳᠣᠷᠬᠠᠶᠢᠯᠠᠵᠤ᠂ ᠦᠢᠯᠡᠴᠢᠯᠡᠭᠡᠨ ᠤ ᠣᠶᠢᠷ᠎ᠠ ᠬᠠᠪᠢ ᠳᠠᠭᠠᠨ 312᠂ ᠬᠠᠪᠰᠤᠷᠤᠨ

ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠢ 175 ᠨᠠᠷᠢᠯᠢᠭᠵᠢᠭᠤᠯᠵᠤ᠂ ᠡᠨᠡ ᠵᠢᠯ ᠠᠴᠠ ᠨᠠᠰᠢ᠂ ᠣᠶᠢᠷ᠎ᠠ

ᠬᠠᠪᠢ ᠳᠠᠭᠠᠨ ᠠᠵᠢᠯ ᠶᠠᠪᠤᠳᠠᠯ ᠭᠦᠢᠴᠡᠳᠬᠡᠬᠦ ᠵᠦᠢᠯᠡᠰ ᠢ 560 ᠬᠤᠪᠢ᠂ ᠬᠠᠪᠰᠤᠷᠤᠨ ᠭᠦᠢᠴᠡᠳᠬᠡᠬᠦ ᠵᠦᠢᠯᠡᠰ ᠢ

362 ᠬᠤᠪᠢ ᠭᠦᠢᠴᠡᠳᠬᠡᠵᠦ᠂ ︽ᠶᠡᠷᠦᠩᠬᠡᠶᠢᠯᠡᠭᠰᠡᠨ ᠦᠢᠯᠡᠴᠢᠯᠡᠭᠡ᠂ ᠣᠶᠢᠷ᠎ᠠ ᠬᠠᠪᠢ ᠳᠠᠭᠠᠨ ᠭᠦᠢᠴᠡᠳᠬᠡᠬᠦ᠂

ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ︾ ᠶᠢ ᠪᠡᠶᠡᠯᠡᠭᠦᠯᠦᠨ᠂ ᠨᠠᠮ ᠤᠨ ᠭᠡᠰᠢᠭᠦᠨ ᠣᠯᠠᠨ

ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠵᠤ᠂ ᠦᠨᠳᠦᠰᠦᠨ ᠱᠠᠲᠤᠨ ᠤ ᠬᠤᠳᠠᠯᠳᠤᠭ᠎ᠠ ᠡᠷᠭᠢᠯᠡᠬᠦ

ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃

   ᠡᠬᠢ ᠪᠠᠶᠠᠯᠢᠭ ᠢ ᠨᠡᠶᠢᠯᠡᠭᠦᠯᠵᠦ᠂ ᠴᠠᠬᠢᠯᠭᠠᠨ ᠴᠡᠨᠡᠭᠯᠡᠬᠦ ᠮᠠᠶ᠋ᠢᠭ ᠤᠨ ︽ᠰᠤᠷᠤᠯᠴᠠᠬᠤ ᠭᠡᠷ ᠣᠷᠣᠨ︾ ᠢ

ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠮᠠᠶ᠋ᠢᠭ ᠤᠨ ︽ᠰᠤᠷᠤᠯᠴᠠᠯᠭ᠎ᠠ ᠶᠢᠨ ᠭᠡᠷ︾ ᠢ ᠪᠠᠶᠢᠭᠤᠯᠵᠤ᠂ ᠵᠡᠭᠡᠯᠢ

ᠲᠣᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠣᠲᠣ ᠪᠠᠶᠢᠭ᠎ᠠ ᠵᠢᠭᠰᠠᠭᠠᠯ ᠤᠨ ᠭᠠᠵᠠᠷ ᠤᠨ ᠡᠬᠢ ᠪᠠᠶᠠᠯᠢᠭ᠂

ᠲᠣᠭᠤᠷᠢᠭ ᠲᠤ ᠰᠠᠭᠤᠭ᠎ᠠ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠣᠯᠠᠨ ᠡᠰᠢᠲᠦ ᠬᠦᠴᠦᠨ ᠢ

ᠡᠮᠬᠢᠯᠡᠨ ᠨᠡᠶᠢᠯᠡᠭᠦᠯᠵᠦ᠂ ᠬᠠᠷᠢᠶ᠎ᠠ ᠣᠷᠣᠨ ᠤ ᠳᠣᠲᠣᠷᠠᠬᠢ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠠᠵᠢᠯ

ᠮᠡᠷᠭᠡᠵᠢᠯ᠂ ᠠᠳᠠᠯᠢ ᠪᠤᠰᠤ ᠨᠠᠰᠤᠨ ᠤ ᠠᠵᠤ ᠠᠬᠤᠶᠢᠯᠠᠯ ᠬᠤᠳᠠᠯᠳᠤᠭᠠᠨ ᠤ ᠡᠷᠦᠬᠡ᠂ ᠠᠵᠢᠯ ᠠᠴᠠ ᠪᠠᠨ ᠠᠮᠠᠷᠠᠭᠰᠠᠨ

ᠨᠠᠮ ᠤᠨ ᠭᠡᠰᠢᠭᠦᠨ᠂ ᠲᠡᠭᠦᠰᠬᠦ ᠣᠶᠤᠲᠠᠨ᠂ ᠡᠮᠡᠭᠲᠡᠶᠢᠴᠦᠳ ᠬᠡᠦᠬᠡᠳ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ

ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠵᠡᠷᠭᠡ ᠵᠥᠷᠢᠶᠡᠲᠦ ᠬᠡᠷᠡᠭᠴᠡᠭᠡ ᠶᠢ ᠴᠢᠩᠭ᠎ᠠ ᠠᠩᠬᠠᠷᠴᠤ᠂ ᠵᠡᠭᠡᠯᠢ

ᠭᠤᠳᠤᠮᠵᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ

ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ᠵᠢᠭᠰᠠᠭᠠᠯ ᠤᠨ ᠭᠠᠵᠠᠷ ᠲᠤ ᠲᠦᠰᠢᠭᠯᠡᠨ᠂

ᠬᠤᠪᠢᠰᠬᠠᠯ ᠤᠨ ᠲᠣᠰᠣ ᠨᠡᠮᠡᠬᠦ ᠥᠷᠲᠡᠭᠡ᠂ ᠤᠮᠠᠷᠠᠲᠤ ᠬᠢᠯᠢ ᠶᠢᠨ ᠬᠤᠰᠢᠭᠤᠴᠢ ᠶᠠᠷᠢᠶᠠᠨ ᠤ ᠲᠠᠩᠬᠢᠮ᠂

ᠬᠤᠪᠢᠰᠬᠠᠯ ᠤᠨ ᠨᠣᠮ ᠤᠩᠰᠢᠬᠤ ᠲᠢᠩᠬᠢᠮ᠂ ᠬᠡᠦᠬᠡᠳ ᠤᠨ ᠭᠡᠷ᠂ ᠬᠥᠷᠰᠢ ᠵᠡᠷᠭᠡᠯᠡᠳᠡᠭᠡ ᠶᠢᠨ ᠵᠤᠭᠤᠭᠳᠠᠬᠤ ᠭᠠᠵᠠᠷ᠂

ᠤᠷᠠᠨ ᠪᠢᠴᠢᠯᠭᠡ ᠤᠷᠠᠨ ᠵᠢᠷᠤᠭ ᠤᠨ ᠲᠠᠰᠤᠭ᠂ ᠰᠡᠳᠬᠢᠴᠡ ᠶᠢᠨ ᠯᠠᠪᠯᠠᠭ᠎ᠠ ᠶᠢᠨ ᠲᠠᠰᠤᠭ ᠵᠡᠷᠭᠡ ᠡᠯᠪᠡᠭ ᠪᠠᠶᠠᠯᠢᠭ

ᠣᠯᠠᠨ ᠡᠰᠢᠲᠦ ᠰᠤᠷᠤᠯᠴᠠᠵᠤ ᠰᠣᠯᠢᠯᠴᠠᠬᠤ ᠲᠠᠯᠠᠪᠤᠷ ᠢ ᠨᠠᠷᠢᠨ ᠨᠢᠮᠪᠠᠶ ᠪᠣᠶ ᠪᠣᠯᠭᠠᠵᠤ᠂ ᠬᠠᠷᠢᠶ᠎ᠠ ᠣᠷᠣᠨ ᠤ ᠡᠯ᠎ᠡ

ᠲᠥᠷᠥᠯ ᠤᠨ ᠬᠥᠮᠥᠰ ᠲᠤ ᠰᠤᠷᠤᠯᠴᠠᠬᠤ᠂ ᠵᠥᠪᠯᠡᠯᠭᠡ ᠥᠭᠬᠦ᠂ ᠪᠣᠯᠪᠠᠰᠤᠷᠠᠭᠤᠯᠬᠤ᠂ ᠰᠤᠷᠭᠠᠨ ᠬᠥᠮᠦᠵᠢᠯ ᠤᠨ

ᠬᠤᠪᠴᠠᠰᠤ ᠬᠠᠩᠭᠠᠬᠤ ᠬᠡᠷᠡᠭᠲᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号