ᠬᠤᠤᠯᠢᠩᠭᠤᠤᠯ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/29
    5 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠶᠢᠯᠠᠯ ᠪᠣᠯᠤᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠶᠢ ᠴᠢᠩᠭᠠᠳᠬᠠᠬᠤ ᠲᠤᠬᠠᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠲᠤᠬᠠᠢ ᠴᠢᠬᠤᠯᠠ ᠥᠭᠦᠯᠡᠯᠲᠡ ᠶᠢᠨ ᠬᠡᠰᠡᠭᠯᠡᠯ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠳᠠᠷᠠᠭ᠎ᠠ ᠨᠢ᠂ ᠬᠤᠲᠠ ᠶᠢᠨ ᠤᠳᠤᠷᠢᠳᠤᠯᠭ᠎ᠠ ᠯᠢᠦ ᠮᠢᠩ ᠭᠦᠸᠧ᠂ ᠰᠥᠩ ᠴᠢ ᠵᠧ ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ︾ ᠶᠢᠨ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃

   ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠬᠤᠷᠠᠯ ᠠᠴᠠ ᠤᠯᠠᠮᠵᠢᠯᠠᠭᠰᠠᠨ ᠡᠯ᠎ᠡ ᠵᠦᠢᠯ ᠤᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠤᠷᠤᠯᠴᠠᠵᠤ ᠰᠤᠳᠤᠯᠤᠨ

ᠲᠠᠶᠢᠯᠪᠤᠷᠢᠯᠠᠬᠤ ᠪᠠᠷ ᠳᠠᠮᠵᠢᠭᠤᠯᠤᠨ᠂ ᠲᠡᠭᠦᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠶ ᠡᠵᠡᠮᠰᠢᠵᠦ᠂ ᠲᠡᠭᠦᠨ ᠤ

ᠵᠣᠷᠢᠭ ᠰᠠᠨᠠᠭᠠᠨ ᠤ ᠮᠥᠨ ᠴᠢᠨᠠᠷ ᠢ ᠤᠶᠢᠯᠠᠭᠠᠨ᠂ ᠪᠠᠲᠤ ᠴᠢᠩᠭ᠎ᠠ ᠤᠯᠤᠰ ᠲᠥᠷᠥ ᠶᠢᠨ ᠤᠬᠠᠮᠰᠠᠷ᠂ ᠦᠵᠡᠯ

ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠷ ᠰᠤᠷᠤᠯᠴᠠᠨ ᠲᠤᠤᠱᠯᠠᠭᠤᠯᠬᠤ ᠶᠢ

ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠲᠤᠰ ᠭᠠᠵᠠᠷ ᠣᠷᠣᠨ ᠤ

ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠤᠨ ᠬᠠᠮᠠᠭᠠᠯᠠᠵᠤ᠂ ᠨᠢᠭᠡᠳᠦᠯᠲᠡᠶ

ᠲᠥᠯᠥᠪᠵᠢᠭᠦᠯᠦᠨ ᠵᠣᠬᠢᠴᠠᠭᠤᠯᠬᠤ ᠪᠠ ᠤᠬᠠᠭᠤᠯᠤᠨ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠠᠯᠢ ᠣᠯᠠᠨ

ᠥᠪᠡᠷᠮᠢᠴᠡ ᠣᠨᠴᠠᠯᠢᠭ ᠲᠠᠢ᠂ ᠣᠯᠠᠨ ᠶᠠᠩᠵᠤᠴᠢᠯᠠᠭᠰᠠᠨ᠂ ᠣᠨᠴᠠᠯᠢᠬᠵᠢᠭᠰᠠᠨ ᠤᠳᠬ᠎ᠠ ᠤᠷᠠᠯᠢᠭ ᠤᠨ

ᠪᠦᠲᠦᠭᠡᠭᠳᠡᠬᠦᠨ ᠢ ᠪᠣᠶ ᠪᠣᠯᠭᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ

ᠨᠡᠶᠢᠭᠡᠮ ᠤᠨ ᠠᠭᠤᠷ ᠠᠮᠢᠰᠬᠤᠯ ᠢ ᠰᠠᠶᠢᠲᠤᠷ ᠪᠣᠶ ᠪᠣᠯᠭᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ

ᠤᠯᠠᠮᠵᠢᠯᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠥᠬᠡᠮᠳᠦᠭ

ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠨ

ᠦᠢᠯᠡᠳᠦᠯᠭᠡᠵᠢᠭᠦᠯᠵᠦ᠂ ᠲᠤᠰ ᠭᠠᠵᠠᠷ ᠣᠷᠣᠨ ᠤ ᠪᠣᠳᠠᠲᠤ ᠬᠡᠷᠡᠭᠴᠡᠭᠡ ᠲᠠᠢ ᠭᠦᠢᠴᠡᠳ ᠤᠶᠠᠯᠳᠤᠭᠤᠯᠤᠨ᠂

ᠬᠥᠭᠵᠢᠯᠲᠡ ᠪᠠ ᠠᠮᠢ ᠠᠬᠤᠢ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ

ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ

ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ

ᠦᠵᠡᠰᠬᠦᠯᠡᠩᠲᠦ ᠰᠠᠶᠢᠬᠠᠨ ᠬᠤᠤᠯᠢᠩᠭᠤᠤᠯ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠠᠢ᠃

   ᠬᠤᠷᠠᠯ ᠠᠴᠠ ᠪᠠᠰᠠ ᠪᠤᠰᠤᠳ ᠠᠭᠤᠯᠭ᠎ᠠ ᠶᠢ ᠥᠪᠡᠷᠲᠡᠭᠡᠨ ᠰᠤᠷᠤᠯᠴᠠᠭᠤᠯᠬᠤ ᠪᠠᠷ ᠲᠤᠬᠢᠷᠠᠭᠤᠯᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号