ᠬᠤᠤᠯᠢᠩᠭᠤᠤᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠳᠣᠯᠣᠳᠤᠭᠠᠷ ᠡᠮᠬᠢᠳᠬᠡᠯ ︽ᠬᠤᠤᠯᠢᠩᠭᠤᠤᠯ ᠤᠨ ᠲᠣᠪᠴᠢ ᠲᠡᠮᠳᠡᠭᠯᠡᠯ︾ ᠤᠨ ᠬᠡᠪᠯᠡᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/31
   5 ᠰᠠᠷ᠎ᠠ ᠶᠢᠨ 30 ᠤ ᠡᠳᠦᠷ᠂ ᠬᠤᠤᠯᠢᠩᠭᠤᠤᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠳᠣᠯᠣᠳᠤᠭᠠᠷ ᠡᠮᠬᠢᠳᠬᠡᠯ ᠤᠨ ︽ᠬᠤᠤᠯᠢᠩᠭᠤᠤᠯ ᠤᠨ ᠲᠡᠮᠳᠡᠭᠯᠡᠯ︾ ᠤᠨ ᠬᠡᠪᠯᠡᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠷᠦᠢ ᠰᠢᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠵᠢᠦ ᠶᠤᠸᠠᠨ ᠬᠤᠷᠠᠯ ᠢ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠵᠥᠪᠯᠡᠯ ᠠᠯᠪᠠᠨ ᠬᠡᠷ ᠤᠨ ᠬᠠᠷᠢᠭᠤᠴᠠᠯᠭᠠᠲᠠᠨ᠂ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠲᠤᠰᠬᠠᠶ ᠲᠤᠰᠢᠶᠠᠯᠲᠠᠨ ᠪᠠ ᠬᠡᠰᠡᠭ ᠰᠣᠶᠣᠯ ᠲᠡᠤᠬᠡ ᠳᠤ ᠪᠠᠭ᠋ᠠᠲᠠᠶ ᠬᠥᠮᠦᠰ ᠬᠤᠷᠠᠯ ᠳᠤ ᠣᠷᠣᠯᠴᠠᠪᠠ᠃

   ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠢ

ᠴᠤᠭᠯᠠᠭᠤᠯᠤᠨ ᠨᠠᠶᠢᠷᠠᠭᠤᠯᠤᠨ ᠬᠡᠪᠯᠡᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢ ᠰᠣᠯᠢᠯᠴᠠᠵᠤ᠂ ᠰᠢᠨ᠎ᠡ ᠴᠠᠭ

ᠦᠶ᠎ᠡ ᠶᠢᠨ ᠳᠣᠤᠷᠠᠬᠢ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠠᠵᠢᠯ ᠤᠨ

ᠰᠢᠨ᠎ᠡ ᠰᠡᠳᠬᠢᠴᠡ᠂ ᠰᠢᠨ᠎ᠡ ᠠᠷᠭ᠎ᠠ ᠵᠠᠮ ᠢ ᠰᠤᠳᠤᠯᠤᠨ ᠶᠠᠷᠢᠯᠴᠠᠵᠤ᠂ ᠨᠠᠶᠢᠷᠠᠭᠤᠯᠤᠨ ᠪᠢᠴᠢᠭᠰᠡᠨ ᠰᠣᠶᠣᠯ

ᠲᠡᠤᠬᠡ ᠶᠢᠨ ᠲᠤᠰᠬᠠᠶ ᠲᠤᠰᠢᠶᠠᠯᠲᠠᠨ ᠳᠤ ᠣᠷᠣᠯᠴᠠᠵᠤ ᠲᠣᠰ ᠨᠣᠮ ᠢ ᠵᠣᠬᠢᠶᠠᠨ ᠪᠦᠲᠦᠭᠡᠭᠰᠡᠨ ᠶᠠᠪᠤᠴᠠ ᠪᠠ

ᠨᠠᠶᠢᠷᠠᠭᠤᠯᠤᠨ ᠬᠡᠪᠯᠡᠭᠦᠯᠦᠭᠰᠡᠨ ᠪᠠᠶᠢᠳᠠᠯ ᠢ ᠲᠠᠨᠢᠯᠴᠠᠭᠤᠯᠪᠠ᠃

   ᠸᠠᠩ ᠷᠦᠢ ᠰᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠢ ᠨᠠᠶᠢᠷᠠᠭᠤᠯᠤᠨ

ᠬᠡᠪᠯᠡᠭᠦᠯᠬᠦ ᠳᠤ ᠣᠷᠣᠯᠴᠠᠭᠰᠠᠨ ᠨᠠᠶᠢᠷᠠᠭᠤᠯᠬᠤ ᠪᠦᠯᠬᠦᠮ᠂ ᠰᠣᠶᠣᠯ ᠲᠡᠤᠬᠡ ᠶᠢᠨ ᠲᠤᠰᠬᠠᠶ ᠲᠤᠰᠢᠶᠠᠯᠲᠠᠨ᠂ ᠤᠯᠤᠰ

ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ︽

ᠬᠤᠤᠯᠢᠩᠭᠤᠤᠯ ᠤᠨ ᠲᠣᠪᠴᠢ ᠲᠡᠮᠳᠡᠭᠯᠡᠯ︾ ᠢ ᠬᠡᠪᠯᠡᠭᠰᠡᠨ ᠶᠠᠪᠤᠳᠠᠯ ᠪᠣᠯ ᠶᠢᠰᠦᠳᠦᠭᠡᠷ ᠬᠤᠭᠤᠴᠠᠭᠠᠨ ᠤ ᠤᠯᠤᠰ

ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠬᠦᠢᠴᠡᠳᠬᠡᠭᠰᠡᠨ ᠦᠷ᠎ᠡ ᠪᠦᠲᠦᠭᠡᠯ ᠮᠥᠨ᠂ ᠣᠯᠠᠨ ᠢᠶᠠᠷ ᠢᠶᠠᠨ

ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠠᠵᠢᠯ ᠤᠨ ᠲᠤᠬᠠᠶ ᠲᠠᠨᠢᠯᠲᠠ ᠪᠠᠨ

ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠲᠡᠤᠬᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂

ᠨᠠᠶᠢᠷᠠᠭᠤᠯᠬᠤ ᠶᠠᠪᠤᠳᠠᠯ ᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠴᠢᠬᠤᠯᠠ ᠠᠵᠢᠯ ᠪᠣᠯᠭᠠᠨ ᠬᠢᠵᠦ᠂

ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠭᠦᠨᠵᠡᠭᠡᠶ ᠬᠢᠵᠦ᠂ ᠨᠠᠷᠢᠯᠢᠭ ᠬᠢᠬᠦ ᠬᠡᠷᠡᠭᠲᠡᠶ᠃ ᠤᠯᠤᠰ ᠲᠥᠷᠥ ᠶᠢᠨ

ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠠᠵᠢᠯ ᠤᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ

ᠪᠠᠳᠠᠷᠠᠭᠤᠯᠵᠤ᠂ ᠲᠡᠭᠦᠨ ᠢ ᠲᠡᠤᠬᠡ ᠶᠢ ᠰᠤᠳᠤᠯᠬᠤ᠂ ᠨᠡᠶᠢᠭᠡᠮ ᠢ ᠣᠶᠢᠯᠠᠭᠠᠬᠤ᠂ ᠣᠶᠤᠨ ᠤᠬᠠᠭᠠᠨ ᠢ

ᠰᠡᠩᠬᠡᠷᠡᠭᠦᠯᠬᠦ ᠶᠢᠨ ᠴᠢᠬᠤᠯᠠ ᠡᠬᠢ ᠪᠠᠶᠠᠯᠢᠭ ᠪᠣᠯᠭᠠᠬᠤ ᠪᠠᠷ ᠪᠠᠷᠠᠬᠤ ᠥᠬᠡᠶ᠂ ᠨᠠᠩ ᠴᠤ ᠲᠡᠤᠬᠡ ᠶᠢᠨ

ᠮᠠᠲ᠋ᠧᠷᠢᠶᠠᠯ ᠤᠨ ᠦᠷ᠎ᠡ ᠪᠦᠲᠦᠭᠡᠯ ᠢ ᠨᠡᠶᠢᠭᠡᠮ ᠤᠨ ᠦᠢᠯᠡᠴᠢᠯᠡᠭᠡ ᠪᠣᠯᠭᠠᠨ ᠬᠤᠪᠢᠷᠠᠭᠤᠯᠵᠤ᠂ ᠰᠣᠶᠣᠯ ᠲᠡᠤᠬᠡ ᠶᠢᠨ

ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠬᠤᠤᠯᠢᠩᠭᠤᠤᠯ ᠤᠨ ᠠᠳᠠᠯ ᠦᠢᠯᠡᠰ

ᠴᠣᠭᠴᠠᠯᠠᠬᠤ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠬᠥᠭᠵᠢᠯᠲᠡ ᠶᠢᠨ ᠲᠤᠬᠠᠶ ᠣᠶᠢᠯᠠᠭᠠᠯᠲᠠ ᠶᠢ

ᠨᠡᠮᠡᠭᠳᠡᠭᠦᠯᠬᠦ ᠬᠡᠷᠡᠭᠲᠡᠶ᠃ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠠᠵᠢᠯ ᠤᠨ

ᠤᠯᠤᠰ ᠲᠥᠷᠥ ᠶᠢᠨ ᠴᠢᠨᠠᠷ᠂ ᠲᠡᠤᠬᠡᠲᠦ ᠴᠢᠨᠠᠷ᠂ ᠦᠨᠡᠨ ᠪᠣᠳᠠᠲᠤ ᠴᠢᠨᠠᠷ᠂ ᠴᠠᠭ ᠦᠶᠡᠴᠢ ᠴᠢᠨᠠᠷ ᠪᠠ ᠤᠳᠬ᠎ᠠ

ᠵᠣᠬᠢᠶᠠᠯ ᠤᠨ ᠴᠢᠨᠠᠷ ᠢ ᠤᠯᠠᠮ ᠨᠢᠭᠡ ᠠᠯᠬᠤᠮ ᠢᠯᠡᠷᠡᠭᠦᠯᠵᠦ᠂ ᠬᠤᠤᠯᠢᠩᠭᠤᠤᠯ ᠤᠨ ᠠᠳᠠᠯ ᠦᠢᠯᠡᠰ ᠴᠣᠭᠴᠠᠯᠠᠬᠤ

ᠠᠩᠬᠠᠨ ᠤ ᠬᠤᠭᠤᠴᠠᠭᠠᠨ ᠤ ᠠᠳᠠᠯ ᠦᠢᠯᠡᠰ ᠴᠣᠭᠴᠠᠯᠠᠬᠤ ᠰᠣᠶᠣᠯ ᠤᠨ ᠲᠡᠤᠬᠡ ᠶᠢᠨ ᠮᠠᠲ᠋ᠧᠷᠢᠶᠠᠯ ᠵᠢᠴᠢ ᠰᠢᠨ᠎ᠡ

ᠴᠠᠭ ᠦᠶ᠎ᠡ ᠶᠢᠨ ᠬᠤᠤᠯᠢᠩᠭᠤᠤᠯ ᠤᠨ ᠠᠳᠠᠯ ᠦᠢᠯᠡᠰ ᠴᠣᠭᠴᠠᠯᠠᠬᠤ ᠰᠣᠶᠣᠯ ᠤᠨ ᠠᠭᠤᠯᠤᠭᠳᠠᠬᠤᠨ ᠢ ᠭᠦᠨᠵᠡᠭᠡᠶ

ᠠᠭᠤᠳᠠᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠢ ᠬᠠᠶᠢᠷ᠎ᠠ

ᠰᠡᠳᠬᠢᠯᠭᠡ ᠲᠠᠢ᠂ ᠦᠨ᠎ᠡ ᠥᠷᠲᠡᠭ ᠲᠠᠢ ᠪᠣᠯᠭᠠᠬᠤ ᠬᠡᠷᠡᠭᠲᠡᠶ ᠭᠡᠵᠠᠢ᠃

   ᠣᠶᠢᠯᠠᠭᠠᠭᠰᠠᠨ ᠢᠶᠠᠷ᠂ ︽ᠬᠤᠤᠯᠢᠩᠭᠤᠤᠯ ᠤᠨ ᠲᠣᠪᠴᠢ ᠲᠡᠮᠳᠡᠭᠯᠡᠯ︾ ᠪᠣᠯ ᠬᠤᠤᠯᠢᠩᠭᠤᠤᠯ ᠬᠤᠲᠠ ᠶᠢᠨ

ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠳᠣᠯᠣᠳᠤᠭᠠᠷ ᠡᠮᠬᠢᠳᠬᠡᠯ ᠪᠠᠶᠢᠵᠤ᠂

ᠥᠩᠭᠡᠷᠡᠭᠰᠡᠨ ᠤ ᠰᠡᠳᠦᠪ ᠰᠣᠩᠭᠤᠭᠰᠠᠨ ᠤᠳᠬ᠎ᠠ ᠰᠠᠨᠠᠭ᠎ᠠ᠂ ᠴᠤᠭᠯᠠᠭᠤᠯᠤᠨ ᠡᠮᠬᠢᠳᠬᠡᠭᠰᠡᠨ᠂ ᠨᠠᠶᠢᠷᠠᠭᠤᠯᠤᠨ

ᠬᠡᠪᠯᠡᠭᠦᠯᠦᠭᠰᠡᠨ ᠲᠤᠷᠰᠢᠯᠭ᠎ᠠ ᠪᠠᠨ ᠦᠷᠭᠦᠯᠵᠢᠯᠡᠭᠦᠯᠵᠦ᠂ ᠠᠭᠤᠯᠭ᠎ᠠ ᠨᠢ ᠬᠤᠤᠯᠢᠩᠭᠤᠤᠯ ᠤᠨ ᠠᠳᠠᠯ ᠦᠢᠯᠡᠰ

ᠴᠣᠭᠴᠠᠯᠠᠭᠰᠠᠨ ᠲᠡᠤᠬᠡ ᠵᠢᠴᠢ ᠠᠵᠤ ᠠᠬᠤᠶ ᠨᠡᠶᠢᠭᠡᠮ᠂ ᠲᠡᠤᠬᠡ ᠰᠣᠶᠣᠯ᠂ ᠨᠡᠶᠢᠭᠡᠮ ᠤᠨ ᠠᠮᠢᠳᠤᠷᠠᠯ ᠵᠡᠷᠭᠡ

ᠲᠠᠯ᠎ᠠ ᠶᠢ ᠬᠠᠮᠤᠷᠴᠤ᠂ ᠣᠯᠠᠨ ᠵᠢᠯ ᠤᠨ ᠲᠤᠷᠰᠢ ᠬᠤᠤᠯᠢᠩᠭᠤᠤᠯ ᠬᠤᠲᠠ ᠳᠤ ᠡᠭᠦᠰᠦᠭᠰᠡᠨ ᠴᠢᠬᠤᠯᠠ ᠶᠡᠭᠡ ᠲᠡᠤᠬᠡᠨ

ᠬᠡᠷᠡᠭ ᠶᠠᠪᠤᠳᠠᠯ ᠪᠠ ᠴᠢᠬᠤᠯᠠ ᠠᠵᠢᠯᠯᠠᠭ᠎ᠠ ᠶᠢ ᠲᠡᠮᠳᠡᠭᠯᠡᠨ ᠲᠣᠭᠠᠴᠢᠭᠰᠠᠨ ᠪᠠᠶᠢᠨ᠎ᠠ᠃

 

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号