ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/31
   5 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠠᠨ᠎ᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠵᠢᠶᠦ᠋ᠨ ᠭᠦᠸᠧ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠠᠯᠠᠶᠢᠬᠤᠰᠢᠭᠤ ᠰᠤᠮᠤ᠂ ᠰᠢᠷ᠎ᠠ ᠬᠦᠤᠷ ᠵᠡᠭᠡᠯᠢ ᠭᠤᠳᠤᠮᠵᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃  

   ᠬᠤᠷᠠᠯ ᠠᠴᠠ ᠪᠦᠬᠦ ᠬᠤᠲᠠ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠵᠢᠴᠢ ᠶᠠᠳᠠᠭᠤ ᠠᠴᠠ

ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠪᠠᠭᠤᠷᠠᠯᠲᠠ ᠶᠢ ᠬᠠᠪᠰᠤᠷᠤᠨ ᠲᠡᠳᠬᠦᠭᠰᠡᠨ ᠪᠠᠶᠢᠳᠠᠯ ᠢ

ᠰᠣᠨᠣᠰᠴᠤ᠂ ᠲᠦᠩᠯᠢᠶᠣᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ ᠳᠤᠭᠤᠶᠢᠯᠠᠩ ︽︿

ᠬᠤᠷᠢᠭ᠎ᠠ ᠱᠤᠭᠤᠮ ᠢ ᠰᠠᠬᠢᠬᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠲᠣᠭᠲᠠᠴᠠ ᠶᠢ ᠪᠠᠶᠢᠭᠤᠯᠬᠤ᠂

ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ

ᠨᠡᠮᠡᠭᠳᠡᠭᠦᠯᠬᠦ ᠠᠵᠢᠯᠯᠠᠭ᠎ᠠ ᠶᠢᠨ ᠲᠥᠰᠦᠯ︾ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂

ᠮᠠᠨ ᠤ ᠬᠤᠲᠠ ᠶᠢᠨ ︽2024 ᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠵᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠢᠴᠢ ᠬᠢᠨᠠᠨ ᠬᠡᠮᠵᠢᠬᠦ ᠡᠲᠡᠭᠡᠳ ᠤᠨ ᠦᠷᠭᠦᠯᠵᠢᠯᠡᠨ

ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠠᠵᠢᠯᠯᠠᠭᠠᠨ ᠤ ᠲᠥᠰᠦᠯ︾ ᠳᠤ ᠲᠠᠶᠢᠯᠤᠮᠵᠢ ᠬᠢᠪᠠ

   ᠲᠠᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠤᠯᠤᠰ ᠲᠥᠷᠥ ᠶᠢᠨ ᠵᠣᠭᠰᠣᠴᠠ ᠪᠠᠨ

ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠴᠢᠩᠭᠠᠳᠬᠠᠵᠤ᠂ ᠶᠠᠳᠠᠭᠤ ᠠᠴᠠ

ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠴᠢᠬᠤᠯᠠ ᠠᠴᠢ ᠬᠤᠯᠪᠣᠭᠳᠠᠯ ᠢ

ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠴᠢᠩᠭ᠎ᠠ ᠠᠰᠠᠭᠤᠳᠠᠯ ᠤᠨ ᠤᠬᠠᠮᠰᠠᠷ ᠢᠶᠠᠷ ᠥᠪᠡᠷ ᠤᠨ ᠮᠥᠷᠥᠨ ᠳᠡᠭᠡᠷᠡᠬᠢ

ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠬᠦ ᠬᠡᠷᠡᠭᠲᠡᠢ︔ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ

ᠰᠠᠬᠢᠵᠤ᠂ ᠮᠠᠨ ᠤ ᠬᠤᠲᠠ ᠶᠢᠨ ︽2024 ᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ

ᠪᠠᠬᠢᠵᠢᠭᠦᠯᠦᠨ ᠥᠷᠭᠡᠳᠬᠡᠵᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠢᠴᠢ ᠬᠢᠨᠠᠨ ᠬᠡᠮᠵᠢᠭᠰᠡᠨ ᠡᠲᠡᠭᠡᠳ ᠤᠨ

ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ

ᠴᠢᠩᠭ᠎ᠠ ᠨᠠᠶᠢᠳᠠᠪᠤᠷᠢᠵᠢᠭᠤᠯᠤᠨ᠂ ᠪᠣᠶ ᠪᠥᠬᠦᠶ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠨᠠᠷᠢᠯᠢᠭ ᠣᠨᠣᠴᠠᠲᠠᠶ ᠪᠠᠷ

ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠵᠤ᠂ ᠪᠠᠯᠠ ᠮᠥᠩᠭᠦ ᠶᠢᠨ ᠬᠡᠷᠡᠭᠯᠡᠯᠲᠡ᠂ ᠲᠥᠷᠥᠯ ᠵᠦᠢᠯ ᠢ

ᠨᠠᠶᠢᠳᠠᠪᠤᠷᠢᠵᠢᠭᠤᠯᠬᠤ ᠶᠢ ᠵᠢᠷᠤᠮᠵᠢᠭᠤᠯᠤᠨ᠂ ᠡᠷᠦᠬᠡ ᠳᠤ ᠬᠤᠯᠪᠣᠭᠳᠠᠭᠤᠯᠬᠤ ᠠᠵᠢᠯ ᠤᠨ ᠲᠣᠭᠲᠠᠴᠠ ᠶᠢ

ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠬᠤ ᠠᠷᠭ᠎ᠠ

ᠬᠡᠮᠵᠢᠶ᠎ᠡ ᠶᠢ ᠯᠠᠪᠳᠠᠭᠤᠨ ᠪᠠᠲᠤᠲᠠᠶ ᠬᠢᠬᠦ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂

ᠬᠢᠨᠠᠨ ᠰᠢᠯᠭᠠᠬᠤ ᠬᠢᠨᠠᠯᠲᠠ ᠲᠠᠯᠪᠢᠵᠤ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠮᠳᠠᠭᠤᠯᠤᠨ

ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠵᠤ᠂ ᠠᠵᠢᠯ ᠤᠨ ᠰᠤᠷᠲᠠᠯ ᠢ ᠴᠢᠩᠭ᠎ᠠ ᠠᠳᠬᠤᠨ᠂ ᠶᠠᠳᠠᠭᠤ ᠠᠴᠠ

ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠥᠬᠦ

ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号