ᠮᠠᠨ ᠤ ᠬᠤᠲᠠ ︽ᠰᠡᠷᠢᠬᠦᠨ ᠽᠦᠩᠽᠢ ᠶᠢᠨ ᠦᠨᠦᠷᠳᠠᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ · ᠬᠢᠳᠠᠳ ᠲᠡᠷᠯᠢᠭ ᠢᠶᠠᠨ ᠡᠮᠦᠰᠦᠨ ᠤᠯᠤᠰ ᠤᠨ ᠬᠡᠪ ᠨᠠᠮᠪᠠ ᠶᠢ ᠤᠯᠠᠮᠵᠢᠯᠠᠶ᠎ᠠ︾  ︽ᠮᠠᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠠᠭᠤᠳᠠᠮ ᠲᠠᠯᠠᠪᠠᠶ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
   ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠨᠡᠮᠡᠭᠳᠡᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠳᠤ ᠤᠯᠠᠮᠵᠢᠯᠠᠯᠲᠤ ᠪᠠᠶᠠᠷ ᠤᠨ ᠡᠳᠦᠷ ᠤᠨ ᠠᠭᠤᠯᠤᠭᠳᠠᠬᠤᠨ ᠪᠠ ᠷᠢᠳᠢ ᠰᠢᠳᠢ ᠶᠢ ᠮᠡᠳᠡᠷᠡᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠲᠠ ᠶᠢᠨ ᠰᠣᠶᠣᠯ ᠤᠨ ᠣᠷᠳᠣᠨ ᠳᠠᠭᠠᠭᠠᠴᠢᠯᠠᠨ ᠡᠷᠭᠢᠯᠡᠵᠦ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠱᠤᠸᠠᠩ ᠯᠢ ᠬᠡᠲᠦ ᠳᠡᠯᠭᠡᠭᠦᠷ᠂ ᠴᠡᠴᠡᠭᠲᠦ ᠤᠷᠠᠯᠢᠭ ᠤᠨᠤᠷᠠᠯᠢᠭ ᠤᠨ ᠪᠣᠯᠪᠠᠰᠤᠷᠠᠯ ᠤᠨ ᠰᠤᠷᠭᠠᠭᠤᠯᠢ ᠠᠴᠠ ᠬᠠᠮᠵᠢᠨ ᠡᠷᠭᠢᠯᠡᠭᠰᠡᠨ ᠮᠠᠨ ᠤ ᠬᠤᠲᠠ ︽ᠰᠡᠷᠢᠬᠦᠨ ᠽᠦᠩᠽᠢ ᠶᠢᠨ ᠦᠨᠦᠷᠳᠠᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ · ᠬᠢᠳᠠᠳ ᠲᠡᠷᠯᠢᠭ  ᠢᠶᠠᠨ ᠡᠮᠦᠰᠦᠨ ᠤᠯᠤᠰ ᠤᠨ ᠬᠡᠪ ᠨᠠᠮᠪᠠ ᠶᠢ ᠤᠯᠠᠮᠵᠢᠯᠠᠶ᠎ᠠ︾  ︽ᠮᠠᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠠᠭᠤᠳᠠᠮ ᠲᠠᠯᠠᠪᠠᠶ ᠶᠢᠨ ᠭᠤᠤᠯ ᠰᠡᠳᠦᠪᠲᠦ ᠠᠵᠢᠯᠯᠠᠭ᠎ᠠ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠪᠠ᠃

   ᠠᠵᠢᠯᠯᠠᠭ᠎ᠠ ᠨᠢ ᠯᠣᠤ ᠶᠢᠨ ᠪᠥᠵᠢᠭ ᠤᠨ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠪᠥᠵᠢᠭ ︽ ᠬᠤᠸᠠᠨ ᠰᠢ

ᠱᠠ — ᠲᠠᠪᠤᠨ ᠰᠠᠷ᠎ᠠ ᠶᠢᠨ ᠲᠠᠪᠤᠨ ᠤ ᠪᠠᠶᠠᠷ︾ · ︽ᠳ᠋ᠦᠨᠬᠤᠸᠠᠩ︾᠂ ᠳᠠᠭᠤᠤ ︽ᠮᠠᠯᠴᠢᠳ ᠡᠪ ᠬᠠᠮᠲᠤ

ᠨᠠᠮ ᠢᠶᠠᠨ ᠮᠠᠭᠲᠠᠨ ᠳᠠᠭᠤᠯᠠᠶ᠎ᠠ︾᠂ ︽ᠲᠠᠯ᠎ᠠ ᠨᠤᠲᠤᠭ ᠲᠠᠨ ᠢ ᠪᠠᠶᠠᠷᠯᠠᠨ ᠤᠭᠳᠤᠶ᠎ᠠ︾᠂  ᠶᠠᠲᠤᠭ᠎ᠠ ︽

ᠵᠢᠭᠠᠰᠤᠴᠢᠨ ᠤ ᠳᠠᠭᠤᠤ︾᠂ ᠮᠣᠷᠢᠨ ᠬᠤᠭᠤᠷ ᠤᠨ ᠨᠠᠶᠢᠷᠠᠯ ᠬᠥᠭᠵᠢᠮ ︽ᠰᠠᠷᠠᠯ ᠮᠣᠷᠢ︾ ᠵᠡᠷᠭᠡ ᠭᠤᠶᠢᠳᠠ

ᠰᠠᠶᠢᠬᠠᠨ ᠲᠣᠭᠯᠠᠯᠲᠠ ᠨᠢ ᠲᠤᠬᠠᠶ ᠶᠢᠨ ᠲᠠᠯᠠᠪᠤᠷ ᠲᠤ ᠨᠢᠵᠢᠭᠢᠨᠡᠲᠡᠯ᠎ᠡ ᠰᠤᠨᠤᠰᠳᠠᠵᠤ᠂ ᠪᠠᠶᠠᠷ ᠤᠨ ᠡᠳᠦᠷ ᠤᠨ ᠠᠭᠤᠷ

ᠠᠮᠢᠰᠬᠤᠯ ᠣᠨᠴᠠᠭᠠᠶ ᠭᠦᠨ ᠵᠤᠵᠠᠭᠠᠨ ᠪᠠᠶᠢᠯ᠎ᠠ᠃

   ᠲᠣᠭᠯᠠᠯᠲᠠ ᠶᠢᠨ ᠬᠤᠭᠤᠴᠠᠭᠠᠨ ᠳᠤ ᠪᠠᠰᠠ ᠽᠦᠩᠽᠢ ᠪᠣᠭᠤᠬᠤ ᠤᠷᠤᠯᠳᠤᠭᠠᠨ᠂ ᠲᠠᠪᠤᠨ ᠰᠠᠷ᠎ᠠ ᠶᠢᠨ

ᠰᠢᠨ᠎ᠡ ᠶᠢᠨ ᠲᠠᠪᠤᠨ ᠤ ᠪᠠᠶᠠᠷ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠬᠠᠭᠤᠷᠠᠢ ᠭᠠᠵᠠᠷ ᠤᠨ ᠯᠤᠤᠲᠤ

ᠣᠩᠭᠤᠴᠠ᠂ ᠳᠡᠪᠦᠷ᠎ᠡ ᠲᠠᠯᠪᠢᠬᠤ᠂ ᠲᠠᠪᠤᠨ ᠬᠤᠣᠷ ᠬᠠᠷᠪᠤᠬᠤ ᠵᠡᠷᠭᠡ ᠲᠣᠭᠯᠠᠭᠠᠮ ᠤᠨ ᠬᠠᠷᠢᠯᠴᠠᠨ ᠬᠥᠳᠡᠯᠦᠯᠴᠡᠬᠦ

ᠭᠤᠭᠴᠤᠭ᠎ᠠ ᠶᠢ ᠨᠡᠮᠡᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠩᠬᠠᠷᠤᠯ ᠢ ᠢᠳᠡᠪᠬᠢᠲᠡᠢ ᠲᠠᠲᠠᠵᠤ᠂

ᠭᠤᠶᠢᠳᠠ ᠰᠠᠶᠢᠬᠠᠨ ᠤᠷᠤᠯᠳᠤᠭᠠᠨ ᠨᠢ ᠤᠯᠠᠨ ᠳᠤ ᠤᠯᠠᠮᠵᠢᠯᠠᠯᠲᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ

ᠪᠠᠶᠢᠬᠤ ᠶᠢ ᠮᠡᠳᠡᠷᠡᠭᠦᠯᠵᠦ᠂ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠨᠡᠩ ᠭᠦᠨᠵᠡᠭᠡᠢ

ᠮᠡᠳᠡᠷᠡᠭᠦᠯᠪᠡ᠃

   ᠠᠵᠢᠯᠯᠠᠭ᠎ᠠ ᠶᠢᠨ ᠪᠠᠶᠢᠷᠢᠯᠠᠭᠤᠯᠤᠭᠰᠠᠨ ᠤᠯᠠᠮᠵᠢᠯᠠᠯᠲᠤ ᠰᠣᠶᠣᠯ ᠤᠨ ᠪᠡᠶᠡᠴᠢᠯᠡᠨ ᠣᠶᠢᠯᠠᠭᠠᠬᠤ ᠲᠣᠭᠤᠷᠢᠭ᠂

ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠭᠤᠤᠯ ᠰᠡᠳᠦᠪᠲᠦ ︽ᠬᠡᠷᠡᠯ ᠵᠢᠷᠤᠭ ᠤᠨ ᠺᠠᠷᠲ ᠠᠪᠬᠤ ᠭᠠᠵᠠᠷ︾᠂ ︽

ᠠᠷᠪᠠᠨ ᠮᠧᠲᠷ ᠤᠨ ᠣᠷᠳᠣ ᠡᠪᠬᠡᠮᠡᠯ ᠵᠢᠷᠤᠭ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠨᠢ ᠨᠠᠩ ᠴᠤ

ᠬᠥᠮᠦᠨ ᠤ ᠬᠦᠴᠦ ᠶᠢ ᠬᠤᠷᠠᠮᠳᠤᠭᠤᠯᠪᠠ᠃ ᠵᠠᠩ ᠦᠢᠯᠡ ᠶᠢᠨ ᠪᠡᠶᠡᠴᠢᠯᠡᠨ ᠣᠶᠢᠯᠠᠭᠠᠬᠤ ᠲᠣᠭᠤᠷᠢᠭ ᠤᠨ ᠪᠢᠴᠢᠬᠠᠨ

ᠨᠠᠶᠢᠵᠠ ᠨᠠᠷ ᠬᠢᠲᠠᠳ ᠬᠤᠪᠴᠠᠰᠤ ᠡᠮᠦᠰᠴᠦ᠂ ᠥᠪᠡᠷ ᠤᠨ ᠪᠡᠶ᠎ᠡ ᠪᠠᠷ ᠢᠶᠠᠨ ᠲᠠᠪᠤᠨ ᠥᠩᠭᠡᠲᠦ ᠳᠡᠭᠡᠰᠦ ᠪᠠᠷ ᠬᠦᠷᠬᠦ

᠂ ᠴᠠᠭᠠᠰᠤ ᠬᠢᠬᠦ ᠮᠡᠷᠭᠡᠵᠢᠯ᠂ ᠬᠡᠪᠯᠡᠬᠦ ᠮᠡᠷᠭᠡᠵᠢᠯ᠂ ᠽᠦᠩᠽᠢ ᠪᠣᠭᠤᠳᠠᠯᠯᠠᠬᠤ ᠵᠡᠷᠭᠡ ᠳᠤ ᠣᠷᠣᠯᠴᠠᠵᠤ᠂

ᠤᠯᠠᠮᠵᠢᠯᠠᠯᠲᠤ ᠭᠠᠷ ᠤᠷᠠᠯᠠᠯ ᠤᠨ ᠷᠢᠳᠢ ᠰᠢᠳᠢ ᠶᠢ ᠮᠡᠳᠡᠷᠡᠪᠡ︔ ︽ᠭᠡᠷᠡᠯ ᠵᠢᠷᠤᠭ ᠠᠪᠬᠤ ᠺᠠᠷᠲ︾ ᠪᠣᠯ ᠮᠥᠨ ᠴᠦ

ᠦᠵᠡᠰᠬᠦᠯᠡᠩᠲᠦ ᠰᠠᠶᠢᠬᠠᠨ ᠦᠵᠡᠮᠵᠢ ᠶᠢᠨ ᠱᠤᠭᠤᠮ ᠪᠣᠯᠤᠨ᠎ᠠ᠂ ᠨᠠᠷᠢᠨ ᠨᠢᠮᠪᠠᠶ ᠪᠠᠶᠢᠷᠢᠯᠠᠭᠤᠯᠤᠭᠰᠠᠨ ᠠᠬᠤᠶ

ᠪᠠᠶᠢᠳᠠᠯ ᠨᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠯᠧᠮᠧᠨ᠋ᠲ ᠢᠶᠠᠷ ᠪᠢᠯᠬᠠᠵᠤ᠂ ᠬᠥᠮᠦᠰ ᠠᠳᠡ ᠵᠣᠭᠰᠣᠨ᠂

ᠡᠯ᠎ᠡ ᠵᠦᠢᠯ ᠤᠨ ᠳᠦᠷᠰᠦ ᠪᠠᠶᠢᠳᠠᠯ ᠢᠶᠠᠷ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ᠂ ᠡᠨᠡ ᠬᠦ ᠮᠠᠷᠲᠠᠭᠳᠠᠰᠢ

ᠦᠭᠡᠢ ᠴᠠᠭ ᠮᠥᠴᠡ ᠶᠢ ᠲᠡᠮᠳᠡᠭᠯᠡᠪᠡ︔ ︽ᠠᠷᠪᠠᠨ ᠮᠧᠲᠷ ᠤᠨ ᠤᠷᠳᠤ ᠡᠪᠬᠡᠮᠡᠯ ᠵᠢᠷᠤᠭ ᠲᠠᠪᠤᠨ ᠰᠠᠷ᠎ᠠ ᠶᠢᠨ

ᠰᠢᠨ᠎ᠡ ᠶᠢᠨ ᠲᠠᠪᠤᠨ︾ ᠢᠯᠠᠩᠭᠤᠶ᠎ᠠ ᠬᠥᠮᠦᠰ ᠤᠨ ᠠᠩᠬᠠᠷᠤᠯ ᠢ ᠲᠠᠲᠠᠵᠤ᠂ ᠪᠢᠴᠢᠬᠠᠨ ᠨᠠᠶᠢᠵᠠ ᠨᠠᠷ ᠨᠢᠭᠡ ᠨᠢᠭᠡ

ᠪᠢᠴᠢᠬᠠᠨ ᠵᠢᠷᠤᠭᠴᠢᠨ ᠰᠢᠭ᠂ ᠵᠠᠷᠢᠮ ᠪᠢᠷ ᠡᠷᠭᠢᠭᠦᠯᠦᠨ ᠪᠢᠴᠢᠵᠦ᠂ ᠵᠠᠷᠢᠮ ᠨᠢ ᠪᠡᠭᠡ ᠶᠢᠨ ᠥᠩᠭᠡ ᠭᠢᠯᠪᠠᠭ᠎ᠠ ᠪᠠᠨ

ᠰᠠᠴᠤᠵᠤ᠂ ᠠᠷᠪᠠᠨ ᠮᠧᠲᠷ ᠤᠨ ᠵᠢᠷᠤᠭ ᠤᠨ ᠡᠪᠬᠡᠮᠡᠯ ᠳᠡᠭᠡᠷ᠎ᠡ ᠡᠷᠳᠡᠮ ᠢᠶᠠᠨ ᠭᠠᠶᠢᠬᠠᠭᠤᠯᠬᠤ ᠪᠠᠷ ᠴᠢᠷᠮᠠᠶᠢᠪᠠ᠃

ᠤᠯᠠᠨ ᠤ ᠰᠢᠷᠭᠠᠭᠤ ᠬᠥᠳᠡᠯᠮᠦᠷᠢ ᠪᠠᠷ ᠳᠠᠮᠵᠢᠭᠠᠳ᠂ ᠤᠯᠠᠨ ᠵᠦᠢᠯ ᠤᠨ ᠥᠩᠭᠡ ᠢᠯᠭᠠᠷᠠᠭᠰᠠᠨ ᠵᠢᠷᠤᠭ ᠤᠳ ᠨᠢ

ᠬᠥᠮᠦᠰ ᠤᠨ ᠨᠢᠳᠦᠨ ᠡᠮᠦᠨ᠎ᠡ ᠢᠯᠡᠷᠡᠵᠦ᠂ ᠵᠢᠷᠤᠭ ᠦᠨᠡᠨ ᠪᠣᠳᠠᠲᠠᠶ ᠪᠠᠶᠢᠵᠤ᠂ ᠳᠦᠷᠰᠦᠯᠡᠨ ᠪᠣᠳᠣᠯᠲᠠ ᠲᠡᠭᠦᠯᠳᠡᠷ

ᠪᠠᠶᠢᠳᠠᠭ᠃

   ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠲᠤ ᠪᠠᠶᠠᠷ ᠤᠨ

ᠡᠳᠦᠷ ᠤᠨ ᠠᠭᠤᠷ ᠠᠮᠢᠰᠬᠤᠯ ᠢ ᠭᠦᠢᠴᠡᠳ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠪᠠᠶᠠᠯᠢᠭ ᠰᠠᠶᠢᠬᠠᠨ

ᠤᠯᠠᠮᠵᠢᠯᠠᠯᠲᠤ ᠵᠠᠩ ᠳᠠᠳᠬᠠᠯ ᠢ ᠪᠡᠶᠡᠴᠢᠯᠡᠨ ᠣᠶᠢᠯᠠᠭᠠᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠢᠶᠠᠷ ᠢᠶᠠᠨ

ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠲᠡᠤᠬᠡ ᠰᠣᠶᠣᠯ ᠤᠨ ᠲᠤᠬᠠᠶ ᠨᠠᠩ ᠭᠦᠨᠵᠡᠭᠡᠶ

ᠲᠠᠨᠢᠯᠲᠠ ᠪᠠ ᠣᠶᠢᠯᠠᠭᠠᠯᠲᠠ ᠲᠠᠢ ᠪᠣᠯᠭᠠᠵᠤ᠂ ᠤᠯᠠᠮᠵᠢᠯᠠᠯᠲᠤ ᠰᠣᠶᠣᠯ ᠢ ᠰᠢᠨ᠎ᠡ ᠠᠮᠢᠵᠢᠷᠠᠯ ᠤᠨ ᠬᠦᠴᠦᠨ ᠲᠠᠢ

ᠪᠣᠯᠭᠠᠭᠰᠠᠨ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号