ᠬᠤᠤᠯᠢᠩᠭᠤᠤᠯ ᠬᠤᠲᠠ ︽ᠰᠣᠶᠣᠯ ᠶᠢ ᠤᠯᠠᠮᠵᠢᠯᠠᠨ ᠤᠮᠠᠷᠠᠲᠤ ᠬᠢᠯᠢ ᠪᠠᠨ ᠭᠡᠷᠡᠯᠳᠦᠭᠦᠯᠬᠦ︾ ᠰᠢᠷᠢᠰ ᠠᠵᠢᠯᠯᠠᠭ᠎ᠠ ᠶᠢᠨ ︽ᠰᠣᠶᠣᠯ ᠬᠢᠭᠡᠳ ᠪᠠᠶᠢᠭᠠᠯᠢ ᠶᠢᠨ ᠥᠪ ᠤᠨ ᠡᠳᠦᠷ︾ ᠤᠨ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠶᠢᠨ ᠦᠵᠡᠭᠦᠯᠦᠯᠭᠡ ᠶᠢᠨ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2024/6/12
    ᠤᠮᠠᠷᠠᠲᠤ ᠬᠢᠯᠢ ᠶᠢᠨ ᠡᠯᠪᠡᠭ ᠪᠠᠶᠠᠯᠢᠭ ᠠᠭᠤᠯᠭ᠎ᠠ ᠲᠠᠢ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ᠂ ᠥᠷᠭᠡᠨ ᠤᠯᠠᠨ ᠬᠤᠳᠠ ᠶᠢᠨ ᠠᠷᠠᠳ ᠲᠤ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠ ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠦᠯᠬᠦ ᠶᠢᠨ ᠲᠥᠯᠥᠭᠡ᠂ 6 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠳᠠ ᠶᠢᠨ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽ᠰᠣᠶᠣᠯ ᠶᠢ ᠤᠯᠠᠮᠵᠢᠯᠠᠨ ᠤᠮᠠᠷᠠᠲᠤ ᠬᠢᠯᠢ ᠪᠠᠨ ᠭᠡᠷᠡᠯᠳᠦᠭᠦᠯᠬᠦ︾ ᠰᠢᠷᠢᠰ ᠠᠵᠢᠯᠯᠠᠭ᠎ᠠ ᠶᠢᠨ ︽ᠰᠣᠶᠣᠯ ᠬᠢᠭᠡᠳ ᠪᠠᠶᠢᠭᠠᠯᠢ ᠶᠢᠨ ᠥᠪ ᠤᠨ ᠡᠳᠦᠷ︾ ᠤᠨ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠶᠢᠨ ᠦᠵᠡᠭᠦᠯᠦᠯᠭᠡ ᠶᠢᠨ ᠲᠣᠭᠯᠠᠯᠲᠠ ᠶᠢ ᠰᠢᠩ ᠭᠤᠸᠠᠩ ᠰᠥᠨᠢ ᠶᠢᠨ ᠵᠠᠬ᠎ᠠ ᠳᠡᠯᠭᠡᠭᠦᠷ ᠤᠨ ᠲᠤᠮᠤ ᠲᠠᠪᠴᠠᠩ ᠳᠤ ᠭᠤᠶᠢᠳᠠ ᠰᠠᠶᠢᠬᠠᠨ ᠲᠣᠭᠯᠠᠪᠠ᠃

 

   ᠲᠣᠭᠯᠠᠯᠲᠠ ᠨᠢ ᠲᠠᠢ ᠵᠢᠢ ᠴᠢᠤᠸᠠᠨ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠪᠥᠵᠢᠭ ︽ᠰᠠᠷᠠᠯ ᠮᠣᠷᠢ︾᠂

︽ᠠᠠᠳᠠᠢ︾᠂ ᠮᠠᠭᠲᠠᠭᠠᠯ ᠤᠨ ᠦᠭᠡ ︽ᠬᠤᠤᠯᠢᠩᠭᠤᠤᠯ ᠢ ᠮᠠᠭᠲᠠᠨ ᠳᠠᠭᠤᠯᠠᠶ᠎ᠠ︾᠂ ︽ᠮᠠᠯᠴᠢᠳ ᠡᠪ ᠬᠠᠮᠲᠤ

ᠨᠠᠮ ᠢᠶᠠᠨ ᠮᠠᠭᠲᠠᠨ ᠳᠠᠭᠤᠯᠠᠶ᠎ᠠ︾᠂ ︽ᠬᠤᠣᠰ ᠰᠠᠷ᠎ᠠ︾᠂ ᠲᠦᠷᠪᠡᠨ ᠤᠲᠠᠰᠤᠲᠤ ᠨᠠᠶᠢᠷᠠᠯ ᠬᠥᠭᠵᠢᠮ ︽

ᠲᠣᠭᠲᠠᠬᠤ ᠢᠩᠭᠡ ᠶᠢᠨ ᠴᠡᠴᠡᠭ︾ ᠵᠡᠷᠭᠡ ᠪᠠᠶᠠᠯᠢᠭ ᠰᠠᠶᠢᠬᠠᠨ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠥᠷᠭᠡᠨ

ᠤᠯᠠᠨ ᠬᠤᠳᠠ ᠶᠢᠨ ᠠᠷᠠᠳ ᠲᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠤ᠂ ᠭᠤᠶᠢᠳᠠ

ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂

ᠤᠯᠠᠨ ᠳᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠮᠡᠳᠡᠷᠡᠭᠦᠯᠪᠡ᠃

   ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠪᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ

ᠠᠷᠠᠳ ᠤᠨ ᠤᠯᠠᠮᠵᠢᠯᠠᠯᠲᠤ ᠰᠣᠶᠣᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠪᠣᠳᠠᠰ ᠤᠨ

ᠪᠤᠰᠤ ᠰᠣᠶᠣᠯ ᠤᠨ ᠥᠪ ᠢ ᠥᠷᠭᠡᠨ ᠣᠯᠠᠨ ᠬᠤᠲᠠ ᠶᠢᠨ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ

ᠠᠭᠤᠰᠬᠠᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠬᠡᠷᠡᠯ ᠭᠢᠯᠪᠠᠭ᠎ᠠ ᠶᠢ ᠨᠠᠩ ᠭᠡᠷᠡᠯ

ᠭᠢᠯᠪᠠᠭ᠎ᠠ ᠲᠠᠢ ᠪᠣᠯᠭᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号