ᠵᠢᠢ ᠬᠠᠢ ᠶᠠᠩ ᠳᠠᠬᠢᠯᠲᠠ ᠬᠦᠩᠭᠡᠨᠴᠠᠭᠠᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
   6 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠳᠠᠬᠢᠯᠲᠠ ᠬᠦᠩᠭᠡᠨᠴᠠᠭᠠᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠱᠠᠨ ᠯᠢᠶᠠᠨ ᠾᠧᠩ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠡᠰᠡᠭ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

   ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠡᠰᠡᠷᠭᠦ ᠴᠢᠭᠯᠡᠯ ᠢᠶᠠᠷ ᠪᠢᠯᠧᠲ ᠥᠭᠬᠦ︾ ᠲᠦᠷᠦ ᠶᠢᠨ

ᠪᠤᠳᠤᠯᠭ᠎ᠠ᠂ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠦᠳᠦᠭᠡᠨ ᠪᠠᠶᠢᠭᠤᠯᠤᠯᠲᠠ ᠵᠢᠴᠢ

ᠬᠡᠷᠡᠭᠯᠡᠯᠲᠡ ᠶᠢᠨ ᠪᠠᠶᠢᠳᠠᠯ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠵᠡᠷᠭᠡ ᠲᠠᠯ᠎ᠠ ᠪᠠᠷ ᠲᠤᠰ ᠲᠤᠰ

ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃

   ᠵᠢᠢ ᠬᠠᠢ ᠶᠠᠩ᠂ ᠬᠤᠤᠯᠢᠩᠭᠤᠤᠯ ᠬᠤᠲᠠ ᠨᠢ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠭᠠᠵᠠᠷ

ᠣᠷᠣᠨ ᠤ ᠡᠨᠧᠷᠭᠢ ᠶᠢᠨ ᠪᠠᠲᠤᠯᠠᠭ᠎ᠠ ᠪᠠ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠴᠢᠬᠤᠯᠠ ᠬᠤᠳᠠ

ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠶ᠂ ᠵᠠᠮ ᠬᠠᠷᠢᠯᠴᠠᠭᠠᠨ ᠤ ᠣᠷᠣᠨ

ᠪᠠᠶᠢᠷᠢ ᠶᠢᠨ ᠳᠠᠪᠠᠭᠤᠯᠢᠭ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠴᠢᠨᠠᠷ ᠰᠠᠶᠢᠲᠠᠶ᠂ ᠳᠠᠬᠢᠯᠲᠠ ᠬᠥᠩᠭᠡᠨ

ᠴᠠᠭᠠᠨ ᠤ ᠠᠵᠤ ᠦᠢᠯᠡᠰ ᠢ ᠬᠥᠭᠵᠢᠭᠦᠯᠬᠦ ᠦᠩ ᠰᠢᠮᠡᠯᠢᠭ ᠬᠥᠷᠥᠰᠥ ᠰᠢᠷᠣᠶ ᠪᠣᠯᠤᠨ᠎ᠠ᠂ ᠪᠢᠳᠡ ᠲᠣᠰ ᠤᠳᠠᠭᠠᠨ ᠤ

ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶ ᠰᠤᠳᠤᠯᠤᠨ

ᠰᠦᠪᠡᠭᠴᠢᠯᠡᠬᠦ ᠪᠠ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ

ᠠᠰᠠᠭᠤᠳᠠᠯ ᠢ ᠰᠡᠳᠬᠢᠯ ᠳᠡᠯᠪᠢᠨ ᠰᠠᠶᠢᠲᠤᠷ ᠰᠢᠢᠳᠪᠦᠷᠢᠯᠡᠵᠦ᠂ ᠬᠦᠴᠦᠨ ᠵᠦᠢᠯ ᠤᠨ ᠪᠠᠲᠤᠯᠠᠭ᠎ᠠ ᠶᠢ ᠤᠯᠠᠮ ᠨᠢᠭᠡ

ᠠᠯᠬᠤᠮ ᠴᠢᠩᠭᠠᠷᠠᠭᠤᠯᠤᠨ᠂ ᠳᠠᠬᠢᠨ ᠡᠭᠦᠰᠴᠦ ᠪᠣᠯᠬᠤ ᠬᠥᠩᠭᠡᠨ ᠴᠠᠭᠠᠨ ᠤ ᠲᠥᠷᠥᠯ ᠵᠦᠢᠯ ᠢ ᠡᠷᠲᠡᠬᠡᠨ

ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ

ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ ᠭᠡᠵᠡᠶ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ

ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢᠨ

ᠴᠢᠭᠯᠡᠯ ᠢᠶᠠᠨ ᠰᠠᠶᠢᠲᠤᠷ ᠲᠥᠯᠥᠪᠵᠢᠭᠦᠯᠵᠦ᠂ ᠳᠠᠬᠢᠯᠲᠠ ᠬᠥᠩᠭᠡᠨᠴᠠᠭᠠᠨ ᠤ ᠲᠦᠷᠦᠯ ᠵᠦᠢᠯ ᠢ ᠢᠳᠡᠪᠬᠢᠲᠡᠢ

ᠪᠠᠶᠢᠷᠢᠰᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ

ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号