ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠠᠴᠢᠮ ᠰᠠᠨᠠᠭᠤᠯᠤᠮᠵᠢ︕
ᠨᠡᠶᠢᠲᠡᠯᠡᠭᠰᠡᠨ ᠴᠠᠭ᠄
2024/6/12
   ᠤᠯᠤᠰ ᠤᠨ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ 5 ᠰᠠᠷ᠎ᠠ ᠶᠢᠨ 24 ᠤ ᠡᠳᠦᠷ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠵᠦ ᠬᠡᠯᠡᠬᠦ ᠳᠡᠭᠡᠨ᠂ ᠣᠶᠢᠷ᠎ᠠ ᠳᠤ᠂ ᠮᠡᠬᠡᠯᠡᠯ ᠤᠨ ᠪᠦᠯᠬᠦᠮ ᠨᠢ ᠵᠢᠭᠡᠯᠡᠯᠭᠡ ᠬᠤᠳᠠᠯᠳᠤᠨ ᠠᠪᠬᠤ ᠳᠤ ︽ᠤᠷᠢᠳᠴᠢᠯᠡᠨ ᠵᠤᠭᠤᠰ ᠲᠤᠰᠢᠶᠠᠬᠤ ᠥᠬᠡᠶ︾ ᠭᠡᠵᠦ ᠬᠤᠳᠠᠯ ᠬᠠᠭᠤᠷᠮᠠᠭ ᠢᠶᠠᠷ ᠤᠬᠠᠭᠤᠯᠵᠤ᠂ ᠠᠵᠢᠯ ᠡᠷᠢᠭᠰᠡᠳ ᠤᠨ ︽ᠠᠵᠢᠯ ᠤᠯᠬᠤ ᠪᠠᠷ ᠶᠠᠭᠠᠷᠠᠵᠤ ᠪᠠᠶᠢᠬᠤ︾ ᠰᠡᠳᠬᠢᠴᠡ ᠶᠢ ᠠᠰᠢᠭᠯᠠᠨ᠂ ᠰᠦᠯᠵᠢᠶᠡᠨ ᠳᠡᠭᠡᠷ᠎ᠡ ︽ᠥᠨᠳᠥᠷ ᠴᠠᠯᠢᠩ ᠢᠶᠠᠷ ᠠᠵᠢᠯᠲᠠᠨ ᠡᠯᠰᠡᠬᠦ︾᠂ ︽ᠳᠠᠳᠤᠯᠭ᠎ᠠ ᠬᠢᠬᠦ︾ ᠵᠡᠷᠭᠡ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠵᠦ ᠪᠠᠶᠢᠨ᠎ᠠ᠂ ᠵᠢᠱᠢᠶᠡᠯᠡᠪᠡᠯ ᠬᠡᠶ ᠬᠤᠭᠤᠰᠣᠨ ᠪᠠᠷᠠᠭ᠎ᠠ ᠲᠡᠭᠡᠭᠡᠪᠦᠷᠢᠯᠡᠬᠦ ᠺᠣᠮᠫᠠᠨᠢ ᠪᠠᠶᠢᠭᠤᠯᠵᠤ᠂ ᠨᠠᠷᠢᠯᠢᠭ ᠨᠠᠶᠢᠷᠠᠭᠤᠯᠤᠭᠰᠠᠨ ᠦᠭᠡ ᠬᠡᠯᠡ ᠪᠠᠷ ᠵᠢᠯᠣᠭᠤᠴᠢ ᠶᠢ ᠥᠳᠥᠭᠡᠨ ᠵᠢᠭᠡᠯᠡᠯᠭᠡ ᠭᠤᠶᠤᠴᠢᠯᠠᠵᠤ ᠲᠡᠷᠭᠡ ᠬᠤᠳᠠᠯᠳᠤᠨ ᠠᠪᠤᠭᠤᠯᠬᠤ ᠪᠠᠷ ︽ᠠᠵᠢᠯ ᠳᠤ ᠣᠷᠣᠬᠤ︾ ᠪᠤᠶᠤ ᠬᠤᠯᠪᠣᠭᠠᠨ ᠳᠤ ᠣᠷᠣᠬᠤ ᠰᠦᠢᠳᠭᠡᠯ ᠲᠤᠰᠢᠶᠠᠯᠭᠠᠵᠤ᠂ ᠤᠷᠢᠭᠳᠠᠬᠤ ᠵᠢᠯᠣᠭᠤᠴᠢ ᠲᠡᠷᠭᠡ ᠪᠠᠨ ᠠᠪᠤᠭᠰᠠᠨ ᠤ ᠳᠠᠷᠠᠭ᠎ᠠ ᠠᠵᠢᠯ ᠤᠯᠬᠤ ᠳᠤ ᠬᠦᠴᠢᠷᠲᠡᠶ᠂ ᠲᠡᠷᠭᠡ ᠪᠠᠨ ᠪᠤᠴᠠᠭᠠᠬᠤ ᠳᠤ ᠬᠦᠴᠢᠷᠲᠡᠶ᠂ ᠵᠣᠭᠤᠰ ᠢ ᠨᠢ ᠪᠤᠴᠠᠭᠠᠬᠤ ᠳᠤ ᠬᠦᠴᠢᠷᠲᠡᠶ ᠪᠣᠯᠵᠣ᠂ ᠡᠴᠦᠰ ᠲᠡᠭᠡᠨ ᠵᠢᠱᠢᠭᠰᠡᠨ ᠣᠷᠣᠯᠭ᠎ᠠ ᠪᠠᠨ ᠣᠯᠵᠦ ᠴᠢᠳᠠᠬᠤ ᠦᠭᠡᠢ ᠬᠠᠷᠢᠨ ᠶᠡᠭᠡ ᠲᠣᠭᠠᠨ ᠤ ᠥᠷᠢ ᠥᠭᠴᠡᠭᠡ ᠳᠤ ᠤᠷᠤᠵᠤ ᠪᠠᠶᠢᠨ᠎ᠠ᠃ ᠡᠶᠢᠮᠦᠷᠬᠦ ᠮᠡᠬᠡᠯᠡᠯ ᠨᠢ ᠪᠠᠰᠠ ᠠᠵᠢᠯᠲᠠᠨ ᠡᠯᠰᠡᠬᠦ ᠨᠡᠷ᠎ᠡ ᠪᠠᠷ ᠠᠵᠢᠯ ᠡᠷᠢᠭᠴᠢ ᠶᠢ ᠮᠡᠬᠡᠯᠡᠨ ᠲᠡᠳᠡᠨ ᠠᠴᠠ ᠲᠤᠰᠢᠶᠠᠯ ᠤᠨ ᠪᠠᠶᠢᠷᠢ ᠶᠢᠨ ᠬᠡᠷᠡᠭᠴᠡᠭᠡ᠂ ᠪᠣᠯᠪᠠᠰᠤᠷᠠᠯ ᠤᠨ ᠰᠦᠢᠳᠭᠡᠯ᠂ ᠮᠠᠲ᠋ᠧᠷᠢᠶᠠᠯ ᠤᠨ ᠰᠦᠢᠳᠭᠡᠯ᠂ ᠪᠠᠲᠤᠯᠠᠭ᠎ᠠ ᠶᠢᠨ ᠮᠥᠩᠭᠦ ᠵᠡᠷᠭᠡ ᠡᠯ᠎ᠡ ᠲᠥᠷᠥᠯ ᠤᠨ ᠰᠦᠢᠳᠭᠡᠯ ᠬᠤᠷᠢᠶᠠᠵᠤ᠂ ᠴᠢᠨᠠᠭᠰᠢᠯᠠᠪᠠᠯ ᠠᠵᠢᠯ ᠡᠷᠢᠭᠴᠢ ᠶᠢ ᠥᠳᠥᠭᠡᠨ ᠵᠢᠭᠡᠯᠡᠯᠭᠡ ᠶᠢᠨ ᠲᠠᠪᠴᠠᠩ ᠤᠨ ᠵᠢᠭᠡᠯᠡᠯᠭᠡ ᠶᠢ ᠵᠢᠭᠡᠯᠡᠬᠦᠯᠦᠨ ᠬᠤᠯᠪᠣᠭᠳᠠᠯ ᠪᠥᠬᠦᠶ ᠰᠦᠢᠳᠭᠡᠯ ᠢ ᠳᠥᠯᠥᠭᠦᠯᠵᠦ ᠪᠠᠶᠢᠨ᠎ᠠ ᠭᠡᠪᠡ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号