ᠬᠤᠣᠯᠢᠩᠭᠤᠣᠯ ᠬᠤᠲᠠ ᠶᠢᠨ ᠠᠷᠠᠳ ᠤᠨ ᠶᠠᠪᠣᠳᠠᠯ ᠤᠨ ᠲᠣᠪᠴᠢᠶ᠎ᠠ᠂ ᠬᠤᠣᠯᠢᠩᠭᠤᠣᠯ ᠬᠤᠲᠠ ᠶᠢᠨ ᠮᠡᠷᠭᠡᠵᠢᠯ ᠤᠨ ᠠᠵᠢᠯᠴᠢᠨ ᠤ ᠰᠣᠷᠭᠠᠭᠤᠯᠢ᠂ ᠬᠤᠣᠯᠢᠩᠭᠤᠣᠯ ᠬᠤᠲᠠ ᠶᠢᠨ ᠠᠵᠢᠯ ᠮᠡᠷᠭᠡᠵᠢᠯ ᠤᠨ ᠰᠣᠷᠭᠠᠭᠤᠯᠢ ᠬᠠᠮᠲᠣᠷᠠᠨ ᠠᠩᠬ᠎ᠠ ᠵᠡᠷᠭᠡ ᠶᠢᠨ ᠨᠠᠰᠤᠳᠠᠶᠢᠴᠤᠳ ᠤᠨ ᠰᠣᠪᠢᠯᠠᠭᠴᠢ ᠶᠢᠨ ᠰᠦᠢᠳᠭᠡᠯ ᠬᠤᠷᠢᠶᠠᠬᠤ ᠦᠬᠡᠢ ᠪᠠᠷ ᠪᠣᠯᠪᠠᠰᠣᠷᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/17
ᠬᠤᠯᠪᠣᠭᠳᠠᠯ ᠪᠦᠬᠦᠢ ᠬᠥᠮᠥᠰ᠄    ᠮᠠᠨ ᠤ ᠬᠤᠲᠠ ᠶᠢᠨ ᠨᠠᠰᠤᠳᠠᠶᠢᠴᠣᠳ ᠤᠨ ᠠᠰᠠᠷᠠᠮᠵᠢ ᠶᠢᠨ ᠰᠤᠪᠢᠯᠠᠭᠴᠢ ᠶᠢᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠵᠦ᠂ ᠨᠡᠶᠢᠭᠡᠮ ‍ᠤᠨ‌ᠨᠠᠰᠤᠳᠠᠶᠢᠴᠣᠳ ᠤᠨ ᠠᠰᠠᠷᠠᠮᠵᠢ ᠶᠢᠨ ᠰᠤᠪᠢᠯᠠᠯᠲᠠ ᠶᠢᠨ ᠴᠢᠳᠠᠪᠤᠷᠢᠲᠠᠨ ᠤ ᠬᠡᠷᠡᠭᠴᠡᠭᠡ ᠶᠢ ᠬᠠᠩᠭᠠᠬᠤ ᠶᠢᠨ ᠲᠤᠰᠠᠳᠠ᠂  ᠬᠤᠤᠯᠢᠩᠭᠤᠤᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠤᠯᠢᠩᠭᠤᠤᠯ ᠬᠤᠲᠠ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠬᠤᠤᠯᠢᠩᠭᠤᠤᠯ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠬᠠᠮᠲᠤᠷᠠᠨ ᠠᠩᠬ᠎ᠠ ᠵᠡᠷᠭᠡ ᠶᠢᠨ ᠨᠠᠰᠤᠳᠠᠶᠢᠴᠣᠳ ᠤᠨ ᠠᠰᠠᠷᠠᠮᠵᠢ ᠶᠢᠨ ᠰᠤᠪᠢᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠪᠣᠯᠪᠠᠰᠤᠷᠠᠭᠤᠯᠤᠯ ᠤᠨ ᠬᠠᠷᠠᠯᠲᠠ ᠵᠢᠴᠢ ᠠᠴᠢ ᠬᠤᠯᠪᠣᠭᠳᠠᠯ    ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠨᠠᠰᠤᠳᠠᠶᠢᠴᠣᠳ ᠤᠨ ᠠᠰᠠᠷᠠᠮᠵᠢ ᠶᠢᠨ ᠠᠰᠠᠷᠠᠭᠴᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠢ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠨᠠᠰᠤᠲᠠᠶᠢᠴᠤᠳ ᠲᠤ ᠨᠠᠩ ᠲᠤᠰᠬᠠᠶ ᠮᠡᠷᠭᠡᠵᠢᠯ᠂ ᠠᠮᠤᠷ ᠲᠦᠪᠰᠢᠨ᠂ ᠲᠠᠭᠠᠯᠠᠮᠵᠢᠲᠠᠶ᠂ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃    ᠬᠤᠶᠠᠷ᠂ ᠪᠤᠯᠪᠠᠰᠤᠷᠠᠭᠤᠯᠬᠤ ᠡᠳᠡᠬᠡᠳ    ᠲᠣᠰ ᠤᠳᠠᠭᠠᠨ ᠤ ᠪᠣᠯᠪᠠᠰᠤᠷᠠᠯ ᠨᠢ ᠮᠠᠨ ᠤ ᠬᠤᠲᠠ ᠳᠤ ᠨᠠᠰᠤᠳᠠᠶᠢᠴᠣᠳ ᠤᠨ ᠠᠰᠠᠷᠠᠮᠵᠢ ᠶᠢᠨ ᠰᠤᠪᠢᠯᠠᠯᠲᠠ ᠶᠢᠨ ᠠᠵᠢᠯ ᠢ ᠬᠢᠵᠦ ᠪᠠᠶᠢᠭ᠎ᠠ ᠪᠤᠶᠤ ᠬᠢᠬᠦ ᠰᠠᠨᠠᠭ᠎ᠠ ᠲᠠᠢ ᠬᠥᠮᠦᠰ ᠪᠠ ᠪᠣᠯᠪᠠᠰᠤᠷᠠᠭᠤᠯᠤᠯ ᠳᠤ ᠣᠷᠣᠯᠴᠠᠭᠰᠠᠳ ᠰᠠᠶᠢᠨ ᠰᠠᠶᠢᠬᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠪᠠ ᠦᠢᠯᠡᠴᠢᠯᠡᠭᠡᠨ ᠤ ᠦᠵᠡᠯ ᠤᠬᠠᠮᠰᠠᠷ ᠢ ᠪᠦᠷᠢᠯᠳᠦᠭᠦᠯᠵᠦ᠂ ᠨᠠᠰᠤᠵᠢᠯ ᠤᠨ ᠦᠢᠯᠡᠰ ᠲᠤ ᠬᠠᠶᠢᠷᠠᠲᠠᠶ᠂ ᠨᠠᠰᠤᠲᠠᠶᠢᠴᠤᠳ ᠲᠤ ᠳᠤᠷᠠᠲᠠᠶ᠎ᠠ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠬᠡᠷᠡᠭᠲᠡᠶ᠃    ᠭᠤᠷᠪᠠ᠂ ᠪᠣᠯᠪᠠᠰᠤᠷᠠᠭᠤᠯᠤᠯ ᠤᠨ ᠠᠭᠤᠯᠭ᠎ᠠ ᠵᠢᠴᠢ ᠬᠡᠯᠪᠡᠷᠢ    ᠪᠣᠯᠪᠠᠰᠤᠷᠠᠭᠤᠯᠤᠯ ᠤᠨ ᠠᠭᠤᠯᠭ᠎ᠠ ᠳᠤ ᠭᠤᠤᠯᠳᠠᠭᠤ ᠨᠠᠰᠤᠳᠠᠶᠢᠴᠣᠳ ᠤᠨ ᠠᠰᠠᠷᠠᠮᠵᠢ ᠶᠢᠨ ᠰᠤᠪᠢᠯᠠᠯᠲᠠ ᠶᠢᠨ ᠣᠨᠣᠯ᠂ ᠦᠢᠯᠡᠳᠦᠯᠭᠡ ᠶᠢᠨ ᠠᠵᠢᠯᠯᠠᠭᠠᠨ ᠤ ᠤᠷ᠎ᠠ ᠴᠢᠳᠠᠪᠤᠷᠢ᠂ ᠰᠡᠳᠬᠢᠴᠡ ᠶᠢᠨ ᠬᠠᠯᠠᠮᠵᠢᠯᠠᠯ ᠪᠠ ᠨᠡᠪᠲᠡᠷᠡᠯᠴᠡᠭᠡ ᠶᠢᠨ ᠤᠷ᠎ᠠ ᠮᠡᠷᠭᠡᠵᠢᠯ ᠵᠡᠷᠭᠡ ᠲᠠᠯ᠎ᠠ ᠶᠢ ᠪᠠᠭᠲᠠᠭᠠᠨ᠎ᠠ᠃ ᠪᠣᠯᠪᠠᠰᠤᠷᠠᠭᠤᠯᠤᠯ ᠤᠨ ᠬᠡᠯᠪᠡᠷᠢ ᠮᠠᠶ᠋ᠢᠭ ᠨᠢ ᠣᠨᠣᠯ ᠤᠨ ᠬᠢᠴᠢᠶᠡᠯᠯᠡᠭᠡ᠂ ᠦᠢᠯᠡᠳᠦᠯᠭᠡ ᠶᠢᠨ ᠠᠵᠢᠯᠯᠠᠬᠤ ᠠᠷᠭ᠎ᠠ ᠮᠠᠶ᠋ᠢᠭ ᠢ ᠬᠡᠷᠡᠭᠯᠡᠨ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠰᠤᠷᠤᠭᠴᠢᠳ ᠤᠨ ᠪᠣᠳᠠᠲᠠᠶ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    ᠳᠥᠷᠪᠡ᠂ ᠪᠣᠯᠪᠠᠰᠤᠷᠠᠭᠤᠯᠤᠯ ᠤᠨ ᠴᠠᠭ ᠬᠢᠭᠡᠳ ᠭᠠᠵᠠᠷ    ᠪᠣᠯᠪᠠᠰᠤᠷᠠᠭᠤᠯᠬᠤ ᠴᠠᠭ᠄ 2024 ᠣᠨ ᠤ 6 ᠰᠠᠷ᠎ᠠ ᠶᠢᠨ 18 ᠤ ᠡᠳᠦᠷ ᠠᠴᠠ 2024 ᠣᠨ ᠤ 6 ᠰᠠᠷ᠎ᠠ ᠶᠢᠨ 23 ᠤ ᠡᠳᠦᠷ ᠪᠣᠯᠲᠠᠯ᠎ᠠ᠂ ᠨᠡᠶᠢᠲᠡ 6 ᠡᠳᠦᠷ    ᠪᠣᠯᠪᠠᠰᠤᠷᠠᠭᠤᠯᠬᠤ ᠭᠠᠵᠠᠷ᠄    1 ᠣᠨᠣᠯ᠄ ᠮᠦᠰᠦᠲᠠᠢ ᠵᠡᠭᠡᠯᠢ ᠭᠤᠳᠤᠮᠵᠢ ᠶᠢᠨ ᠶᠧᠦ ᠢ ᠨᠡᠶᠢᠭᠡᠮ ᠲᠣᠭᠤᠷᠢᠭ ᠤᠨ 3 ᠳ᠋ᠤᠭᠠᠷ ᠠᠰᠠᠷ ᠤᠨ ᠬᠤᠷᠠᠯ ᠤᠨ ᠭᠡᠷ᠃    2. ᠪᠤᠳᠠᠲᠤ ᠲᠠᠮᠢᠷ᠄ ᠬᠤᠤᠯᠢᠩᠭᠤᠤᠯ ᠬᠤᠲᠠ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠃    ᠲᠠᠪᠤ᠂ ᠰᠢᠯᠭᠠᠨ ᠬᠢᠨᠠᠬᠤ ᠪᠠ ᠦᠨᠡᠮᠯᠡᠯ ᠣᠯᠭᠤᠬᠤ    ᠲᠣᠰ ᠤᠳᠠᠭ᠎ᠠ ᠰᠦᠢᠳᠬᠡᠯ ᠬᠤᠷᠢᠶᠠᠬᠤ ᠥᠬᠡᠶ ᠪᠣᠯᠪᠠᠰᠤᠷᠠᠭᠤᠯᠤᠯ ᠬᠢᠵᠦ᠂ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠰᠠᠶᠢᠨ ᠳᠤᠷ᠎ᠠ ᠠᠴᠠ ᠪᠠᠨ ᠠᠩᠬ᠎ᠠ ᠵᠡᠷᠭᠡ ᠶᠢᠨ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢ ᠬᠢᠨᠠᠨ ᠰᠢᠯᠭᠠᠬᠤ ᠳᠤ ᠣᠷᠣᠯᠴᠠᠬᠤ ᠪᠠᠷ ᠨᠡᠷ᠎ᠡ ᠮᠡᠳᠡᠭᠦᠯᠵᠦ᠂ ᠰᠢᠯᠭᠠᠯᠲᠠ ᠶᠢᠨ ᠵᠠᠷᠤᠳᠠᠯ ᠤᠨ ᠰᠤᠷᠤᠭᠴᠢᠳ ᠥᠪᠡᠰᠦᠪᠡᠨ ᠬᠠᠮᠢᠶᠠᠷᠴᠤ᠂ ᠬᠢᠨᠠᠨ ᠰᠢᠯᠭᠠᠬᠤ ᠠᠭᠤᠯᠭ᠎ᠠ ᠳᠤ ᠣᠨᠣᠯ ᠤᠨ ᠮᠡᠳᠡᠯᠭᠡ ᠪᠠ ᠦᠢᠯᠡᠳᠦᠯᠭᠡ ᠶᠢᠨ ᠠᠵᠢᠯᠯᠠᠭᠠᠨ ᠤ ᠤᠷ᠎ᠠ ᠴᠢᠳᠠᠪᠤᠷᠢ ᠶᠢ ᠪᠠᠭᠲᠠᠭᠠᠵᠤ᠂ ᠬᠢᠷᠢ ᠲᠡᠩᠴᠡᠭᠰᠡᠳ ᠲᠤ ᠠᠩᠬ᠎ᠠ ᠵᠡᠷᠭᠡ ᠶᠢᠨ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠦᠨᠡᠮᠯᠡᠯ ᠣᠯᠭᠤᠨ᠎ᠠ᠃    ᠵᠢᠷᠭᠤᠭ᠎ᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ ᠬᠢᠭᠡᠳ ᠬᠢᠵᠠᠭᠠᠷᠯᠠᠬᠤ ᠡᠳᠦᠷ ᠬᠤᠭᠤᠴᠠᠭ᠎ᠠ    ᠲᠣᠰ ᠤᠳᠠᠭᠠᠨ ᠤ ᠪᠣᠯᠪᠠᠰᠤᠷᠠᠭᠤᠯᠤᠯ ᠳᠤ ᠨᠡᠶᠢᠲᠡ 60 ᠬᠥᠮᠦᠨ ᠣᠷᠣᠯᠴᠠᠵᠤ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠬᠤ ᠰᠠᠨᠠᠭ᠎ᠠ ᠲᠠᠢ ᠰᠤᠷᠤᠯᠭᠠᠲᠠᠨ 2024 ᠣᠨ ᠤ 6 ᠰᠠᠷ᠎ᠠ ᠶᠢᠨ 17 ᠤ ᠡᠳᠦᠷ ᠤᠨ 17᠄ 00 ᠠᠴᠠ ᠡᠮᠦᠨ᠎ᠡ ᠳᠣᠤᠷᠠᠬᠢ ᠬᠡᠯᠪᠡᠷᠢ ᠪᠠᠷ ᠨᠡᠷ᠎ᠡ ᠮᠡᠳᠡᠭᠦᠯᠦᠨ᠎ᠡ᠄    ᠾᠧ ᠳ᠋ᠦᠩ ᠰᠢᠨ᠎ᠡ ᠲᠣᠭᠤᠷᠢᠭ ᠤᠨ ᠬᠠᠤᠯᠢ ᠴᠠᠭᠠᠵᠠ ᠶᠢᠨ ᠲᠣᠮᠣ ᠠᠰᠠᠷ ᠤᠨ ᠶᠢᠰᠦᠳᠦᠭᠡᠷ ᠠᠰᠠᠷ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠭ᠎ᠠ ᠬᠤᠷᠠᠯ ᠤᠨ ᠭᠡᠷ ᠤᠨ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠦᠨ᠎ᠡ᠃    ᠪᠣᠯᠪᠠᠰᠤᠷᠠᠭᠤᠯᠤᠯ ᠤᠨ ᠠᠵᠢᠯᠲᠠᠨ ᠨᠡᠷ᠎ᠡ ᠮᠡᠳᠡᠭᠦᠯᠵᠦ ᠮᠠᠲ᠋ᠧᠷᠢᠶᠠᠯ ᠬᠠᠩᠭᠠᠬᠤ᠄ ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠶᠢᠨ ᠬᠠᠭᠤᠯᠪᠤᠷᠢ᠂ ᠨᠢᠭᠡ ᠢᠮᠠᠬᠤ ᠶᠢᠨ ᠭᠡᠷᠡᠯ ᠵᠢᠷᠤᠭ    ᠠᠩᠬ᠎ᠠ ᠵᠡᠷᠭᠡ ᠶᠢᠨ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠦᠨᠡᠮᠯᠡᠯ ᠰᠢᠯᠭᠠᠬᠤ ᠪᠠᠷ ᠨᠡᠷ᠎ᠡ ᠮᠡᠳᠡᠭᠦᠯᠦᠭᠰᠡᠨ ᠮᠠᠲ᠋ᠧᠷᠢᠶᠠᠯ᠄ ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠶᠢᠨ ᠬᠠᠭᠤᠯᠪᠤᠷᠢ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠪᠠᠭᠤᠯᠭᠠᠪᠤᠷᠢ ᠵᠢᠴᠢ  ᠡᠯᠧᠺᠲᠷᠦᠨ ᠬᠡᠪᠯᠡᠯ ᠤᠨ ᠬᠤᠶᠠᠷ ᠢᠮᠠᠬᠤ ᠶᠢᠨ ᠴᠠᠭᠠᠨ ᠰᠠᠭᠤᠷᠢᠳᠦ ᠭᠡᠷᠡᠯ ᠵᠢᠷᠤᠭ᠃                     ᠬᠤᠤᠯᠢᠩᠭᠤᠤᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ                     ᠬᠤᠤᠯᠢᠩᠭᠤᠤᠯ ᠬᠤᠲᠠ ᠶᠢᠨ  ᠮᠡᠷᠭᠡᠵᠢᠯ ᠤᠨ ᠠᠵᠢᠯᠴᠢᠨ ᠤ ᠰᠤᠷᠭᠠᠭᠤᠯᠢ                     ᠬᠤᠤᠯᠢᠩᠭᠤᠤᠯ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ                                                 2024 ᠣᠨ ᠤ 6 ᠰᠠᠷ᠎ᠠ ᠶᠢᠨ 12 ᠤᠨ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号