ᠬᠤᠤᠯᠢᠩᠭᠤᠤᠯ ᠬᠤᠳᠠ ᠶᠢᠨ ᠵᠠᠰᠠᠭ ᠤᠨ ᠣᠷᠳᠣᠨ 2024 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠵᠧᠤ ᠬᠠᠶ ᠮᠢᠨ᠂ ᠯᠢᠦ ᠽᠧᠩ ᠰᠢ᠂ ᠸᠠᠩ ᠵᠢᠶᠦ᠋ᠨ ᠭᠦᠸᠧ᠂ ᠰᠢᠤᠢ ᠸᠧᠨ ᠵᠢᠶᠧ᠂ ᠰᠥᠩ ᠴᠢ ᠵᠧ᠂ ᠰᠦᠨ ᠸᠧᠶ ᠨᠠᠨ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ

ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ

ᠲᠣᠭᠲᠠᠭᠠᠯ ᠪᠠ ᠰᠢᠨ᠎ᠡ ᠪᠠᠷ ᠨᠠᠶᠢᠷᠠᠭᠤᠯᠤᠭᠰᠠᠨ ᠤ ᠳᠠᠷᠠᠭᠠᠬᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠰᠤᠷᠤᠯᠴᠠᠨ ᠤᠯᠠᠮᠵᠢᠯᠠᠪᠠ︔ ︽ᠬᠤᠤᠯᠢᠩᠭᠤᠤᠯ

ᠬᠤᠲᠠ ᠶᠢᠨ 2010 - 2016 ᠣᠨ ᠳᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠳᠤ ᠲᠥᠪᠬᠢᠨᠡᠭᠦᠯᠵᠦ

ᠠᠵᠢᠯ ᠤᠨ ᠪᠠᠶᠢᠷᠢ ᠳᠤ ᠪᠠᠶᠢᠭ᠎ᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠵᠢᠭᠰᠠᠭᠠᠨ

ᠨᠠᠶᠢᠷᠠᠭᠤᠯᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃

   ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠶ

ᠬᠠᠮᠢᠶᠠᠷᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ

ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂

︽ᠲᠤᠭ᠎ᠠ ᠪᠦᠷᠢᠳᠬᠡᠯ ᠤᠨ ᠲᠠᠯ᠎ᠠ ᠪᠠᠷ ᠬᠢ ᠢᠯᠵᠠᠷᠠᠯ︾ ᠢ ᠡᠬᠢ ᠡᠭᠦᠰᠦᠯ ᠠᠴᠠ ᠨᠢ ᠬᠤᠷᠢᠭᠯᠠᠵᠤ᠂ ᠲᠤᠭ᠎ᠠ

ᠪᠦᠷᠢᠳᠬᠡᠯ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ

ᠦᠵᠡᠭᠦᠯᠬᠦ ᠬᠡᠷᠡᠭᠲᠡᠶ ᠭᠡᠵᠡᠶ᠃ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠵᠢᠯ ᠢ

ᠱᠠᠯᠠᠪᠳᠠᠨ ᠪᠣᠳᠠᠲᠠᠢ ᠰᠠᠶᠢᠲᠤᠷ ᠬᠢᠵᠦ᠂ ᠪᠦᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠨ

ᠪᠠᠶᠢᠯᠳᠤᠭᠴᠢᠳ ᠢ ᠬᠦᠯᠢᠶᠡᠨ ᠠᠪᠤᠭᠰᠠᠨ ᠪᠠᠶᠢᠳᠠᠯ ᠢ ᠨᠠᠷᠢᠨ ᠬᠢᠨᠠᠮᠠᠭᠠᠢ ᠪᠦᠷᠢᠳᠬᠡᠬᠦ ᠪᠠ ᠬᠤᠷᠢᠶᠠᠩᠭᠤᠶᠢᠯᠠᠨ ᠵᠠᠳᠠᠯᠵᠤ

᠂ ᠬᠢᠨᠠᠨ ᠵᠥᠪᠰᠢᠶᠡᠷᠡᠬᠦ ᠶᠢ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ

ᠲᠥᠪᠬᠢᠨᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠤ

ᠠᠬᠤᠶᠢᠯᠠᠯ ᠲᠠᠢ ᠪᠣᠳᠠᠲᠠᠢ ᠬᠡᠯᠡᠯᠴᠡᠭᠡᠷ ᠢ ᠱᠠᠯᠠᠪᠳᠠᠨ ᠵᠥᠪᠳᠡᠯᠴᠡᠨ ᠲᠣᠭᠲᠠᠭᠠᠵᠤ᠂ ᠬᠡᠷᠡᠭᠯᠡᠬᠦ ᠭᠠᠵᠠᠷ ᠵᠡᠷᠭᠡ ᠡᠯ᠎ᠡ

ᠲᠠᠯ᠎ᠠ ᠶᠢᠨ ᠬᠡᠷᠡᠭᠴᠡᠭᠡ ᠶᠢ ᠰᠠᠶᠢᠲᠤᠷ ᠪᠠᠲᠤᠯᠠᠵᠤ᠂ ᠡᠯ᠎ᠡ ᠱᠠᠲᠤᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ

ᠨᠠᠶᠢᠳᠠᠪᠤᠷᠢᠵᠢᠭᠤᠯᠵᠤ᠂ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠬᠠᠮᠤᠭ ᠤᠨ ᠰᠠᠶᠢᠨ ᠣᠷᠴᠢᠨ

ᠲᠣᠭᠤᠷᠢᠨ ᠢ ᠪᠤᠢ ᠪᠣᠯᠭᠠᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ

ᠪᠠᠲᠤᠯᠠᠬᠤ ᠬᠡᠷᠡᠭᠲᠡᠢ ᠭᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号