ᠵᠢᠯ ᠳᠤ 60 ᠲᠦᠮᠡᠨ ᠲᠣᠨ ᠤ ᠰᠢᠨ᠎ᠡ ᠬᠡᠯᠪᠡᠷᠢ ᠶᠢᠨ ᠤᠷᠢᠳᠴᠢᠯᠠᠨ ᠪᠣᠴᠠᠯᠭᠠᠬᠤ ᠠᠷᠭ᠎ᠠ ᠲᠦᠢᠯ ᠤᠨ ᠲᠦᠷᠦᠯ ᠵᠦᠢᠯ ᠠᠮᠵᠢᠯᠲᠠ ᠲᠠᠢ ᠪᠠᠷ ᠭᠡᠷ᠎ᠡ ᠳᠣᠭᠲᠠᠪᠠ
ᠨᠡᠶᠢᠲᠡᠯᠡᠭᠰᠡᠨ ᠴᠠᠭ᠄
2024/6/29
   6 ᠰᠠᠷ᠎ᠠ ᠶᠢᠨ 28 ᠤ ᠦᠳᠡ ᠶᠢᠨ ᠡᠮᠦᠨ᠎ᠡ᠂ ᠵᠢᠯ ᠳᠤ 60 ᠲᠦᠮᠡᠨ ᠲᠣᠨ ᠰᠢᠨ᠎ᠡ ᠬᠡᠯᠪᠡᠷᠢ ᠶᠢᠨ ᠤᠷᠢᠳᠴᠢᠯᠠᠨ ᠪᠣᠴᠠᠯᠭᠠᠬᠤ ᠠᠷᠭ᠎ᠠ ᠲᠦᠢᠯ ᠤᠨ ᠲᠥᠷᠥᠯ ᠵᠦᠢᠯ ᠠᠮᠵᠢᠯᠲᠠ ᠲᠠᠢ ᠪᠠᠷ ᠭᠡᠷ᠎ᠡ ᠲᠣᠭᠲᠠᠪᠠ᠃ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ  ᠴᠢ ᠳᠠᠯᠠᠨᠲᠠᠢ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠢᠤᠸᠠᠨ ᠳ᠋ᠦᠩ ᠱᠧᠩ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠭᠤᠸᠠᠨ ᠬᠠᠶ ᠹᠧᠩ᠂ ᠲᠦᠩᠯᠢᠶᠣᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠰᠦᠨ ᠪᠠᠶ ᠱᠧᠩ᠂ ᠬᠤᠤᠯᠢᠩᠭᠤᠤᠯ ᠬᠤᠲᠠ ᠶᠢᠨ ᠤᠳᠤᠷᠢᠳᠤᠯᠭ᠎ᠠ ᠵᠢᠢ ᠬᠠᠶ ᠶᠠᠩ᠂ ᠱᠠᠨ ᠯᠢᠶᠠᠨ ᠾᠧᠩ᠂ ᠵᠧᠤ ᠬᠠᠶ ᠮᠢᠨ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠾᠧᠨᠠᠨ ᠤ ᠴᠢᠨ ᠶᠠᠩ ᠬᠤᠲᠠ ᠶᠢᠨ ᠳ᠋ᠦ᠋ ᠣᠪᠣᠭᠲᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠡᠷᠦᠩᠬᠡᠶ ᠳᠠᠭᠠᠭᠠᠮᠠᠯ ᠳ᠋ᠦ᠋ ᠯᠢᠨ ᠲᠤᠤ ᠵᠢᠴᠢ ᠬᠤᠯᠪᠣᠭᠳᠠᠯ ᠪᠥᠬᠦᠶ ᠬᠥᠮᠦᠰ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃

   ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠭᠡᠷ᠎ᠡ ᠲᠣᠭᠲᠠᠬᠤ ᠲᠦᠷᠦᠯ ᠵᠦᠢᠯ ᠤᠨ ᠲᠤᠬᠠᠢ ᠰᠠᠨᠠᠯ ᠢᠶᠠᠨ

ᠭᠦᠨᠵᠡᠭᠡᠢ ᠰᠣᠯᠢᠯᠴᠠᠪᠠ᠃ ᠬᠤᠣᠯᠢᠩᠭᠤᠣᠯ ᠬᠤᠳᠠ ᠳᠦᠷᠦᠯ ᠵᠦᠢᠯ ᠢ ᠨᠠᠶᠢᠳᠠᠪᠣᠷᠢᠵᠢᠭᠤᠯᠬᠤ ᠪᠤᠯᠣᠮᠵᠢᠳᠣ

ᠴᠢᠨᠠᠷ ᠤᠨ ᠳᠣᠭᠤᠷᠢᠨ ᠳᠤ ᠰᠢᠰᠲ᠋ᠧᠮᠳᠣ ᠳᠠᠨᠢᠯᠴᠠᠭᠤᠯᠭ᠎ᠠ ᠬᠢᠵᠠᠢ᠃ ᠳ᠋ᠦ᠋ ᠱᠢ ᠪᠦᠯᠦᠭᠯᠡᠯ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠵᠢᠴᠢ ᠬᠤᠤᠯᠢᠩᠭᠤᠤᠯ ᠳᠤ ᠨᠤᠲᠤᠭᠰᠢᠭᠰᠠᠨ ᠴᠢᠩᠭ᠎ᠠ ᠬᠦᠰᠡᠯ

ᠡᠷᠡᠮᠡᠯᠵᠡᠯ ᠢ ᠨᠠᠷᠢᠨ ᠲᠣᠳᠣᠷᠬᠠᠶ ᠥᠭᠦᠯᠡᠪᠡ᠃ ᠳᠠᠷᠠᠭ᠎ᠠ ᠨᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ

ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠾᠧᠨᠠᠨ ᠤ ᠴᠢᠨ ᠶᠠᠩ ᠬᠤᠲᠠ ᠶᠢᠨ

ᠳ᠋ᠦ᠋ ᠣᠪᠣᠭᠲᠤ ᠶᠢᠨ ᠪᠦᠯᠦᠭᠯᠡᠯ ᠤᠨ ᠶᠡᠷᠦᠩᠬᠡᠶ ᠳᠠᠭᠠᠭᠠᠮᠠᠯ ᠳ᠋ᠦ᠋ ᠯᠢᠨ ᠲᠤᠤ ᠲᠠᠢ ᠶᠡᠷᠦᠩᠬᠡᠶ ᠪᠡᠯᠡ ᠣᠷᠣᠭᠤᠯᠤᠯᠲᠠ

12 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 60 ᠲᠦᠮᠡᠨ ᠲᠣᠨ ᠰᠢᠨ᠎ᠡ ᠬᠡᠯᠪᠡᠷᠢ ᠶᠢᠨ ᠤᠷᠢᠳᠴᠢᠯᠠᠨ

ᠴᠣᠨᠣᠭᠠᠬᠤ ᠠᠷᠭ᠎ᠠ ᠲᠦᠢᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠣᠭᠲᠠᠪᠠ᠃

   ᠴᠢ · ᠳᠠᠯᠠᠨᠲᠠᠢ ᠬᠤᠳᠠ ᠶᠢᠨ ᠳᠠᠷᠤᠭ᠎ᠠ ᠲᠦᠷᠦᠯ ᠵᠦᠢᠯ ᠤᠨ ᠠᠮᠵᠢᠯᠲᠠ ᠲᠠᠢ ᠭᠡᠷ᠎ᠡ ᠲᠣᠭᠲᠠᠭᠰᠠᠨ ᠳᠤ ᠪᠠᠶᠠᠷ

ᠬᠦᠷᠭᠡᠬᠦ ᠶᠢᠨ ᠬᠠᠮᠲᠤ ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠲᠣᠭᠲᠠᠬᠤ ᠪᠠᠷ ᠭᠠᠷᠤᠭ᠎ᠠ ᠪᠣᠯᠭᠠᠵᠤ᠂ ᠲᠤᠰ ᠲᠤᠰ ᠤᠨ

ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠪᠣᠯᠤᠨ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤᠵᠢᠭᠰᠠᠨ ᠤᠯᠤᠯᠴᠠᠭ᠎ᠠ

ᠵᠣᠬᠢᠴᠠᠭᠤᠯᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ

ᠭᠦᠢᠴᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠲᠦᠷᠭᠡᠬᠡᠨ ᠠᠵᠢᠯ ᠡᠬᠢᠯᠡᠭᠦᠯᠵᠦ᠂ ᠠᠯᠢ

ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠣᠯᠢᠩᠭᠤᠣᠯ ᠬᠤᠳᠠ ᠪᠦᠬᠦ ᠬᠦᠴᠦᠨ ᠢᠶᠠᠷ ᠦᠢᠯᠡᠴᠢᠯᠡᠭᠡ ᠪᠠᠳᠣᠯᠠᠭ᠎ᠠ ᠶᠢ ᠰᠠᠶᠢᠳᠣᠷ ᠬᠢᠵᠣ᠂ ᠳᠦᠷᠦᠯ ᠵᠦᠢᠯ ᠤᠨ

ᠪᠦᠳᠦᠬᠡᠨ ᠪᠠᠶᠢᠭᠤᠯᠣᠯᠳᠠ᠂ ᠠᠵᠣ ᠠᠬᠤᠶᠢᠯᠠᠯ ᠤᠨ ᠬᠦᠭᠵᠢᠯᠳᠡ ᠶᠢ ᠬᠠᠮᠠᠭᠠᠯᠠᠬᠤ ᠬᠡᠷᠡᠭᠳᠡᠢ ᠬᠡᠵᠣ ᠴᠢᠬᠤᠯᠠᠴᠢᠯᠠᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号