ᠬᠤᠤᠯᠢᠩᠭᠤᠤᠯ ᠬᠤᠲᠠ 2024 ᠣᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠤᠷᠠᠨ ᠰᠠᠶᠢᠬᠠᠨ ᠤ ᠦᠳᠡᠰᠢᠯᠡᠭᠡ ᠡᠷᠭᠢᠯᠡᠪᠡ
ᠨᠡᠶᠢᠲᠡᠯᠡᠭᠰᠡᠨ ᠴᠠᠭ᠄
2024/6/30
   6 ᠰᠠᠷ᠎ᠠ ᠶᠢᠨ 28 ᠤ ᠡᠳᠦᠷ᠂ 2024 ᠣᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠤᠷᠠᠨ ᠰᠠᠶᠢᠬᠠᠨ ᠤ ᠦᠳᠡᠰᠢᠯᠡᠭᠡ ᠬᠤᠲᠠ ᠶᠢᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠡᠷᠭᠦᠨ᠎ᠡ ᠬᠠᠮᠳᠤᠯᠢᠭ᠂ ᠮᠠᠰᠢ᠂ ᠬᠤᠷᠴᠢᠨ ᠬᠦᠦ᠂ ᠤᠯᠠᠭᠠᠨ ᠵᠡᠷᠭᠡ ᠳᠠᠭᠤᠴᠢᠨ᠂ ᠪᠦᠵᠢᠭᠴᠢᠨ ᠯᠢ ᠲᠡᠭᠵᠢᠨ᠂ ᠬᠤᠤᠯᠢᠩᠭᠤᠤᠯ ᠬᠤᠲᠠ᠂ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠵᠡᠷᠭᠡ ᠮᠠᠰᠢ ᠣᠯᠠᠨ ᠲᠣᠭᠯᠠᠭᠴᠢ ᠲᠠᠢ ᠭᠠᠷ ᠬᠤᠯᠪᠣᠨ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂  ᠭᠤᠶᠤ ᠰᠠᠶᠢᠬᠠᠨ ᠳᠠᠭᠤᠤ ᠪᠥᠵᠢᠭ᠂ ᠦᠵᠡᠭᠴᠢᠳ ᠤᠨ ᠪᠠᠶᠠᠷᠯᠠᠨ ᠬᠠᠰᠬᠢᠷᠬᠤ ᠳᠠᠭᠤᠨ ᠪᠣᠯᠤᠨ ᠬᠦᠭᠵᠢᠶᠡᠨᠳᠦ ᠬᠦᠭ ᠠᠶᠠᠰ ᠰᠣᠯᠪᠢᠴᠠᠨ ᠬᠤᠯᠪᠣᠯᠳᠤᠵᠤ᠂ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠯ᠎ᠠ᠃

   ᠦᠳᠡᠰᠢᠯᠡᠭᠡ ᠨᠢ  ︽ᠦᠷᠦ ᠵᠢᠷᠦᠬᠡᠨ ᠳᠠᠬᠢ ᠬᠤᠤᠯᠢᠩᠭᠤᠤᠯ︾ᠭᠡᠬᠦ ᠳᠠᠭᠤᠤ ᠪᠥᠵᠢᠭ ᠤᠨ ᠳᠤᠮᠳᠠ

ᠬᠥᠰᠢᠭᠡ ᠪᠠᠨ ᠰᠡᠬᠦᠵᠦ᠂ ᠳᠠᠷᠠᠭ᠎ᠠ ᠨᠢ ᠭᠤᠶᠢᠳᠠ ᠰᠠᠶᠢᠬᠠᠨ ᠵᠢᠯᠣᠭᠤᠴᠢ ᠥᠬᠡᠶ ᠨᠢᠰᠬᠡᠯ ᠤᠨ ᠲᠣᠭᠯᠠᠯᠲᠠ ᠭᠠᠷᠭᠠᠵᠤ᠂

ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠰᠡᠳᠬᠢᠯ ᠵᠢᠷᠦᠬᠡ ᠶᠢ ᠳᠣᠭᠳᠣᠯᠤᠭᠤᠯᠤᠭᠰᠠᠨ

ᠴᠡᠭᠡᠨ ᠬᠠᠷᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ ᠲᠤᠰ ᠤᠳᠠᠭᠠᠨ ᠤ ᠦᠳᠡᠰᠢᠯᠡᠭᠡ ᠨᠢ ︽

ᠪᠠᠶ᠋ᠬᠠᠣᠪᠤᠭ᠎ᠠ ᠶᠢᠨ ᠨᠤᠲᠤᠭ︾᠂ ︽ᠪᠤᠬᠢᠷᠳᠦᠯ ᠦᠭᠡᠢ ᠴᠠᠬᠢᠯᠭᠠᠨ ᠬᠦᠩᠭᠡᠨᠴᠠᠭᠠᠨ ᠤ ᠬᠤᠲᠠ︾᠂ ︽ᠠᠳᠠᠯ

ᠦᠢᠯᠡᠰ ᠴᠣᠭᠴᠠᠯᠠᠭᠴᠢ ᠶᠢᠨ ᠥᠯᠥᠭᠡᠢ︾᠂ ︽ᠬᠠᠶᠢᠷ᠎ᠠ ᠲᠠᠢ ᠬᠤᠳᠠ︾ ᠭᠡᠬᠦ ᠳᠥᠷᠪᠡᠨ ᠪᠦᠯᠦᠭ ᠢᠶᠠᠷ

ᠪᠦᠷᠢᠯᠳᠦᠵᠦ᠂ ᠬᠡᠰᠡᠭ ᠪᠦᠯᠦᠭ ᠢᠶᠠᠷ ᠠᠪᠴᠠᠯᠳᠤᠵᠤ᠂ ᠱᠠᠲᠤ ᠱᠠᠲᠤ ᠪᠠᠷ ᠠᠭᠢᠨ ᠤᠷᠤᠭᠰᠢᠯᠠᠵᠤ᠂ ᠫᠷᠤᠭ᠍ᠷᠠᠮ ᠤᠨ

ᠡᠯᠪᠡᠭ ᠪᠠᠶᠠᠯᠢᠭ ᠠᠭᠤᠯᠭ᠎ᠠ ᠨᠢ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠤᠳᠠᠭ᠎ᠠ ᠳᠠᠷᠠᠭᠠᠯᠠᠨ ᠣᠷᠭᠢᠯ ᠳᠤ

ᠬᠦᠷᠭᠡᠵᠡᠶ᠃

   ᠨᠢᠭᠡᠳᠦᠭᠡᠷ ᠪᠦᠯᠦᠭ ︽ᠴᠠᠭᠠᠨ ᠡᠭᠦᠯᠡ ᠶᠢᠨ ᠨᠤᠲᠤᠭ︾ ᠳᠤ᠂ ᠴᠠᠭᠠᠨ ᠬᠥᠭᠵᠢᠮ ᠤᠨ ᠬᠠᠮᠲᠤᠯᠢᠭ ᠤᠨ ᠳᠠᠭᠤᠤ

︽ᠮᠠᠭᠲᠠᠭᠠᠯ ᠳᠠᠭᠤᠤ︾ ᠶᠢ ᠳᠠᠭᠤᠯᠠᠵᠤ᠂ ᠳᠠᠭᠤᠴᠢᠨ ᠮᠠᠰᠢ ︽ᠲᠠᠯ᠎ᠠ ᠨᠤᠲᠤᠭ ᠤᠨ ᠵᠤᠴᠢᠨ ᠤᠭᠲᠤᠬᠤ  ᠲᠠᠭᠤᠤ︾

᠂ ︽ᠮᠥᠩᠭᠦᠨ ᠢᠰᠡᠭᠡᠢ ᠭᠡᠷ︾ ᠢ ᠵᠠᠯᠭᠠᠭ᠎ᠠ ᠪᠠᠷ ᠳᠠᠭᠤᠯᠠᠵᠤ᠂ ᠤᠯᠠᠭᠠᠨ᠎ᠠ ︽ᠠᠭᠤᠯᠵᠠᠯᠲᠠ︾ ᠭᠡᠬᠦ ᠳᠠᠭᠤᠤ ᠶᠢ

ᠳᠠᠭᠤᠯᠠᠵᠤ᠂ ᠲᠠᠯ᠎ᠠ ᠨᠤᠲᠤᠭ ᠤᠨ ᠵᠠᠩ ᠦᠢᠯᠡ ᠶᠢᠨ ᠳᠠᠭᠤᠤ ᠨᠢ ᠬᠥᠮᠦᠰ ᠤᠨ ᠪᠠᠭ᠋ᠠᠷᠬᠠᠯ ᠢ ᠲᠠᠲᠠᠨ᠎ᠠ᠃

   ᠬᠤᠶᠠᠳᠤᠭᠠᠷ ᠪᠦᠯᠦᠭ ︽ᠪᠤᠬᠢᠷᠳᠦᠯ ᠦᠭᠡᠢ ᠴᠠᠬᠢᠯᠭᠠᠨ ᠬᠦᠩᠭᠡᠨᠴᠠᠭᠠᠨ ᠤ ᠬᠤᠲᠠ︾ ᠂ ᠬᠤᠤᠯᠢᠩᠭᠤᠤᠯ

ᠬᠤᠲᠠ ᠶᠢᠨ ᠤᠯᠠᠭᠠᠨᠮᠥ᠋ᠴᠢᠷ ᠪᠣᠯᠤᠨ ᠷᠠᠰᠢᠶᠠᠨ ᠬᠤᠲᠠ ᠶᠢᠨ ᠤᠯᠠᠭᠠᠨᠮᠥ᠋ᠴᠢᠷ ᠭᠠᠷ ᠬᠤᠯᠪᠣᠨ ᠬᠠᠮᠲᠤᠷᠠᠯᠴᠠᠵᠤ᠂ ︽

ᠴᠡᠴᠡᠭ ᠳᠦᠭᠦᠷᠡᠩ ᠲᠠᠯ᠎ᠠ ᠨᠤᠲᠤᠭ︾ ᠬᠡᠬᠦ ᠭᠤᠶᠢᠳᠠ ᠰᠠᠶᠢᠬᠠᠨ ᠪᠥᠵᠢᠭ ᠢᠶᠠᠨ ᠡᠷᠭᠦᠵᠦ᠂  ᠴᠤᠪᠤᠭᠤ᠂ ᠲᠠᠨ᠎ᠠ ︽

ᠪᠢᠳᠡ ᠵᠣᠯ ᠵᠢᠷᠭᠠᠯ ᠢ ᠬᠦᠰᠡᠵᠦ ᠪᠠᠶᠢᠨ᠎ᠠ︾ ᠭᠡᠬᠦ ᠳᠠᠭᠤᠤ ᠶᠢ ᠬᠠᠮᠲᠤ ᠪᠠᠷ ᠳᠠᠭᠤᠯᠠᠵᠤ᠂ ᠬᠤᠷᠴᠢᠨ ᠬᠦᠤ ︽

ᠵᠢᠷᠤᠶ᠎ᠠ︾᠂ ︽ᠤᠶᠢᠳᠠᠨ ᠬᠤᠸᠠᠷ︾ ᠢ ᠲᠠᠭᠤᠯᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠥᠵᠢᠭ ︽

ᠦᠯᠵᠡᠶᠢᠳᠦ ᠭᠡᠷ︾᠂ ᠳᠠᠭᠤᠤ ︽ᠬᠤᠤᠯᠢᠩᠭᠤᠤᠯ︾ ᠭᠡᠬᠦ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠡᠨᠡ ᠬᠦ ︽

ᠳᠤᠮᠳᠠᠳᠤ ᠤᠯᠤᠰ ·  ᠪᠤᠬᠢᠷᠳᠦᠯ ᠦᠭᠡᠢ ᠴᠠᠬᠢᠯᠭᠠᠨ ᠬᠦᠩᠭᠡᠨᠴᠠᠭᠠᠨ ᠤ ᠬᠤᠲᠠ︾ ᠶᠢᠨ ᠭᠤᠸ᠎ᠠ ᠰᠠᠶᠢᠬᠠᠨ ᠢ ᠳᠡᠯᠭᠡᠨ

ᠦᠵᠡᠭᠦᠯᠵᠡᠶ᠃

   ᠭᠤᠷᠪᠠᠳᠤᠭᠠᠷ ᠪᠦᠯᠦᠭ ︽ᠦᠢᠯᠡᠰ ᠪᠣᠰᠬᠠᠭᠴᠢᠳ ᠤᠨ ᠥᠯᠥᠭᠡᠶ︾ ᠳᠤᠮᠳᠠ᠂ ᠪᠥᠵᠢᠭᠴᠢᠨ ᠯᠢ ᠲᠡᠭᠵᠢᠨ ︽

ᠬᠤᠲᠠ ᠶᠢᠨ ᠮᠠᠯᠴᠢᠨ︾ ᠭᠡᠬᠦ ᠭᠤᠶᠢᠳᠠ ᠰᠠᠶᠢᠬᠠᠨ ᠦᠵᠡᠭᠳᠡᠯ ᠤᠳ ᠢᠯᠡᠷᠡᠵᠦ᠂ ᠪᠥᠵᠢᠭ ᠤᠨ ᠳᠦᠷᠢ ᠳᠦᠷᠬᠦ

ᠨᠠᠮᠢᠷᠠᠨ ᠳᠡᠭᠳᠡᠵᠦ᠂ ᠲᠤᠬᠠᠶ ᠶᠢᠨ ᠲᠠᠯᠠᠪᠠᠶ ᠳᠤ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠲᠠ ᠥᠬᠡᠶ

ᠰᠣᠨᠣᠰᠤᠭᠳᠠᠪᠠ᠃ ᠳᠠᠷᠠᠭ᠎ᠠ ᠨᠢ᠂ ᠳᠠᠭᠤᠴᠢᠨ ᠥᠷᠭᠡᠨ ︽ᠬᠠᠶᠢᠷ᠎ᠠ ᠶᠢᠨ ᠬᠤᠳᠠ︾ ᠶᠢ ᠭᠦᠨ ᠰᠡᠳᠬᠢᠯᠭᠡ ᠲᠠᠢ ᠪᠠᠷ

ᠳᠠᠭᠤᠯᠠᠵᠤ᠂ ᠪᠥᠵᠢᠭ ︽ᠬᠦᠴᠦᠨ ᠲᠡᠭᠦᠰ ᠬᠤᠤᠯᠢᠩᠭᠤᠤᠯ ︾  ᠭᠡᠬᠦ ᠪᠦᠵᠢᠭ ᠨᠢ ᠨᠡᠩ ᠴᠤ ᠬᠤᠤᠯᠢᠩᠭᠤᠤᠯ ᠤᠨ

ᠦᠶ᠎ᠡ ᠦᠶ᠎ᠡ ᠶᠢᠨ ᠦᠢᠯᠡᠰ ᠪᠣᠰᠬᠠᠭᠴᠢᠳ ᠤᠨ ᠴᠤᠴᠠᠯᠲᠠ ᠦᠭᠡᠢ ᠤᠷᠤᠭᠰᠢᠯᠠᠭᠰᠠᠨ ᠪᠠᠷ᠎ᠠ ᠬᠠᠷᠠᠭᠳᠠᠨ᠎ᠠ᠃

   ᠳᠥᠷᠪᠡᠳᠦᠭᠡᠷ ᠪᠦᠯᠦᠭ ︽ ᠬᠠᠶᠢᠷ᠎ᠠ ᠰᠢᠩᠭᠡᠭᠰᠡᠨ ᠨᠤᠳᠤᠭ︾ ᠲᠤ᠂ ᠡᠷᠭᠦᠨ᠎ᠡ ᠬᠠᠮᠳᠤᠯᠢᠭ ᠶᠢᠨ ᠬᠢᠨ ︽ᠲᠠᠯ᠎ᠠ

ᠨᠤᠲᠤᠭ ᠢᠶᠠᠨ ᠳᠠᠭᠤᠯᠠᠭᠰᠠᠨ ᠳᠠᠭᠤᠤ︾᠂ ︽ᠮᠤᠨᠢ ᠠᠭᠤᠯᠠ︾᠂ ︽ᠱᠠᠩᠬᠠᠶ ᠬᠢᠴᠡᠳᠠᠢ ᠷᠠᠳᠢᠤ᠋︾ ᠵᠡᠷᠭᠡ

ᠬᠥᠮᠦᠰ ᠤᠨ ᠪᠠᠭ᠋ᠠᠷᠬᠠᠯ ᠢ ᠲᠠᠲᠠᠭᠰᠠᠨ  ᠢᠷᠠᠭᠤ ᠰᠠᠶᠢᠬᠠᠨ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠡᠴᠦᠰ ᠲᠤ᠂

︽ᠲᠠᠯ᠎ᠠ ᠨᠤᠲᠤᠭ ᠤᠨ ᠢᠷᠦᠭᠡᠯ ᠵᠦᠩᠨᠡᠯ ︾ ᠭᠡᠬᠦ ᠢᠷᠠᠭᠤ ᠰᠠᠶᠢᠬᠠᠨ ᠠᠶᠠᠰ ᠳᠤᠮᠳᠠ ᠦᠳᠡᠰᠢᠯᠡᠭᠡ ᠠᠭᠠᠵᠢᠮ ᠢᠶᠠᠷ

ᠥᠨᠳᠥᠷᠯᠡᠪᠡ᠃

   ᠦᠳᠡᠰᠢᠯᠡᠭᠡ ᠨᠢ ᠬᠤᠲᠠ ᠶᠢᠨ ᠨᠥᠭᠡᠴᠡ ᠬᠦᠴᠦ ᠪᠣᠯᠣᠨ ᠲᠠᠲᠠᠬᠤ ᠬᠦᠴᠦᠨ ᠢ ᠴᠢᠩᠭ᠎ᠠ ᠲᠤᠰᠬᠠᠵᠠᠶ᠃ ᠲᠣᠰ

ᠣᠷᠣᠢ  ᠶᠢᠨ ᠲᠤᠭᠯᠠᠯᠳᠠ ᠨᠢ ᠬᠤᠲᠠ ᠶᠢᠨ ᠰᠣᠶᠣᠯ ᠤᠨ ᠵᠠᠩ ᠴᠢᠨᠠᠷ ᠲᠠᠢ ᠠᠭᠤᠰᠤᠯᠴᠠᠵᠤ᠂ ᠥᠪᠡᠷᠮᠢᠴᠡ

ᠣᠨᠴᠠᠯᠢᠭ ᠲᠠᠢ ᠪᠤᠯᠬᠤᠷ᠂ ᠬᠤᠤᠯᠢᠩᠭᠤᠤᠯ ᠨᠢ ᠢᠷᠡᠭᠰᠡᠨ ᠵᠣᠴᠢᠳ ᠨᠢᠭᠡᠪᠦᠷᠢ ᠶᠢᠨ ᠰᠡᠳᠬᠢᠯ ᠳᠠᠬᠢ ︽ᠮᠥᠷᠥᠭᠡᠳᠦᠯ︾

ᠪᠣᠯᠬᠤ ᠪᠠᠶᠢᠬ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号