ᠬᠤᠤᠯᠢᠩᠭᠤᠤᠯ ᠬᠤᠳᠠ ᠶᠢᠨ ᠬᠤᠲᠠ ᠶᠢᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/4
    5 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠱᠠᠨ ᠯᠢᠶᠠᠨ ᠾᠧᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠶᠢᠨ ᠨᠠᠶᠢᠳᠠᠯᠭ᠎ᠠ ᠪᠠᠷ ᠬᠤᠲᠠ ᠶᠢᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠸᠠᠩ ᠵᠢᠶᠦ᠋ᠨ ᠭᠦᠸᠧ᠂ ᠰᠢᠤᠢ ᠸᠧᠨ ᠵᠢᠶᠧ᠂ ᠰᠥᠩ ᠴᠢ ᠵᠧ᠂ ᠯᠢ ᠭᠦᠸᠧ ᡁᠢ ᠵᠢᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ︽ᠬᠤᠤᠯᠢᠩᠭᠤᠤᠯ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ

ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾᠂ ︽ᠬᠤᠤᠯᠢᠩᠭᠤᠤᠯ ᠬᠤᠳᠠ ᠶᠢᠨ ᠪᠠᠷᠠᠭᠠᠨ ᠤ

ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾᠂ ︽

ᠬᠤᠤᠯᠢᠩᠭᠤᠤᠯ ᠬᠤᠳᠠ ᠶᠢᠨ ᠨᠠᠰᠤᠵᠢᠯ ᠤᠨ ᠠᠰᠠᠷᠠᠮᠵᠢ ᠭᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ

ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾᠂ ︽ᠬᠤᠤᠯᠢᠩᠭᠤᠤᠯ ᠬᠤᠳᠠ ᠶᠢᠨ ᠰᠣᠶᠣᠯ

ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾ ᠵᠡᠷᠭᠡ

ᠲᠤᠯᠤᠭᠠᠨ ᠵᠦᠢᠯ ᠤᠨ ᠵᠥᠪᠯᠡᠯᠭᠡ ᠶᠢ ᠰᠤᠳᠤᠯᠤᠨ ᠬᠢᠨᠠᠨ ᠵᠥᠪᠯᠡᠪᠡ᠃

   ᠱᠠᠨ ᠯᠢᠶᠠᠨ ᠾᠧᠩ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠠᠷᠠᠳ ᠲᠦᠮᠡᠨ ᠤ ᠰᠠᠶᠢᠨ

ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷᠵᠢᠬᠤ᠂

ᠨᠠᠷᠢᠯᠢᠭᠵᠢᠭᠤᠯᠬᠤ ᠪᠠᠷ ᠴᠢᠭᠯᠡᠯ ᠪᠣᠯᠭᠠᠵᠤ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ᠂

ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠭᠤᠷᠪᠠᠨ ᠶᠡᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ

ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠰᠢᠨ᠎ᠡ

ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠬᠤ ︽ᠲᠦᠷᠭᠡᠳᠬᠡᠭᠦᠷ︾ ᠤᠨ ᠦᠢᠯᠡᠳᠦᠯ ᠢ ᠭᠦᠢᠴᠡᠳ

ᠪᠠᠳᠠᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ᠂

ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠢᠨᠠᠷ ᠰᠠᠶᠢᠲᠠᠶ ᠠᠮᠢᠳᠤᠷᠠᠯ ᠤᠨ ᠬᠦᠷᠢᠶ᠎ᠡ ᠶᠢ

ᠪᠥᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ᠃ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠣᠷᠣᠨ ᠵᠠᠶ ᠶᠢᠨ ᠪᠠᠶᠢᠷᠢᠰᠢᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠪᠠᠷᠠᠭᠠᠨ ᠤ

ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂

ᠨᠢᠭᠡ ᠪᠦᠯᠦᠭ ︽ᠲᠤᠰᠬᠠᠶ ᠨᠠᠷᠢᠯᠢᠭ ᠣᠨᠴᠠ ᠰᠢᠨ᠎ᠡ︾ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ

ᠠᠬᠤᠶᠢᠯᠠᠯ ᠢ ᠪᠣᠶ ᠪᠣᠯᠭᠠᠵᠤ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠤᠭ᠎ᠠ

ᠬᠡᠮᠵᠢᠶ᠎ᠡ ᠪᠠ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠮᠠᠨ ᠤ ᠬᠤᠲᠠ ᠶᠢᠨ ᠣᠲᠣ

ᠦᠶ᠎ᠡ ᠶᠢᠨ ᠮᠥᠩᠭᠦᠨ ᠭᠦᠢᠯᠭᠡᠭᠡᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠣᠷᠣᠨ ᠵᠠᠶ ᠪᠠ ᠳᠠᠯᠳᠠ

ᠬᠦᠴᠦᠨ ᠢᠶᠠᠨ ᠳᠡᠭᠡᠭᠰᠢᠯᠡᠭᠦᠯᠬᠦ ᠳᠠᠯᠳᠠ ᠬᠦᠴᠦᠨ ᠢᠶᠠᠨ ᠭᠦᠢᠴᠡᠳ ᠠᠭᠤᠳᠠᠯᠵᠤ᠂ ᠣᠲᠣ ᠦᠶ᠎ᠡ ᠶᠢᠨ ᠮᠥᠩᠭᠦᠨ

ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠬᠦᠴᠦᠨ ᠵᠦᠢᠯ ᠤᠨ

ᠪᠠᠲᠤᠯᠠᠭ᠎ᠠ ᠶᠢᠨ ᠦᠢᠯᠡᠳᠦᠯ ᠢ ᠴᠢᠩᠭᠠᠳᠬᠠᠵᠤ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠤᠨ

ᠦᠢᠯᠡᠴᠢᠯᠡᠭᠡᠨ ᠤ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢᠨ ᠲᠠᠰ ᠢ ᠳᠠᠬᠢᠨ ᠰᠢᠨ᠎ᠡ ᠳᠡᠭᠲᠡᠷ ᠲᠤ

ᠭᠠᠷᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ

ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ

ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ

ᠲᠤᠭᠤᠰᠢᠯᠠᠭᠤᠯᠤᠨ᠂ ᠳᠠᠷᠤᠶ ᠲᠦᠷᠭᠡᠨ ᠬᠦᠴᠦᠲᠡᠶ ᠠᠷᠭ᠎ᠠ ᠬᠡᠮᠵᠢᠶ᠎ᠡ ᠠᠪᠴᠤ᠂ ᠭᠠᠵᠠᠷ ᠤᠨ ᠦᠨ᠎ᠡ᠂ ᠭᠡᠷ

ᠪᠠᠶᠢᠰᠢᠩ ᠤᠨ ᠦᠨ᠎ᠡ᠂ ᠵᠢᠱᠢᠯᠲᠡ ᠶᠢ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ

ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ

ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠬᠥᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠤ

ᠲᠤᠬᠢᠷᠠᠭᠤᠯᠤᠯᠳᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ

ᠲᠦᠷᠭᠡᠳᠬᠡᠵᠦ᠂ ᠠᠵᠤ ᠦᠢᠯᠡᠳᠪᠦᠷᠢ ᠶᠢᠨ ᠨᠡᠮᠡᠭᠳᠡᠯ ᠤᠨ ᠬᠠᠨᠳᠤᠰᠢ ᠶᠢ ᠱᠠᠯᠠᠪᠳᠠᠨ ᠪᠠᠬᠢᠵᠢᠭᠦᠯᠵᠦ᠂ ᠠᠵᠤ

ᠦᠢᠯᠡᠰ ᠢ ᠤᠯᠠᠮ ᠴᠢᠨᠠᠭᠰᠢᠳᠠ ᠪᠤᠵᠠᠭᠠᠶᠢᠷᠠᠭᠤᠯᠵᠤ᠂ ᠠᠵᠤ ᠠᠬᠤᠶᠢᠯᠠᠯ ᠢ ᠬᠦᠴᠦᠷᠬᠡᠭᠵᠢᠭᠦᠯᠵᠦ᠂ ᠲᠦᠷᠦᠯ ᠵᠦᠢᠯ ᠢ

ᠪᠣᠳᠠᠲᠠᠶᠢᠵᠢᠭᠤᠯᠵᠤ᠂ ᠠᠮᠢ ᠠᠬᠤᠢ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠠᠵᠢᠯ ᠤᠨ

ᠡᠭᠦᠷᠭᠡ ᠪᠠᠨ ᠪᠡᠶᠡᠯᠡᠭᠦᠯᠬᠦ ᠬᠡᠷᠡᠭᠲᠡᠢ ᠭᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号