ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠠᠶᠢᠷ᠎ᠠ ᠬᠠᠯᠠᠮᠵᠢ ᠪᠠᠷ ᠰᠤᠷᠤᠯᠭ᠎ᠠ ᠶᠢ ᠲᠡᠳᠬᠦᠵᠦ ᠬᠡᠤᠬᠡᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/6/4
     ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 3 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠷᠦᠢ ᠰᠢᠨ ᠡᠩ ᠤᠨ ᠭᠡᠰᠢᠭᠦᠨ ᠤ ᠬᠤᠪᠢ ᠪᠠᠷ ᠠᠵᠢᠯᠯᠠᠭ᠎ᠠ ᠳᠤ ᠣᠷᠣᠯᠴᠠᠪᠠ᠃

   ᠠᠵᠢᠯᠯᠠᠭ᠎ᠠ ᠶᠢᠨ ᠳᠤᠮᠳᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠡᠩ ᠲᠡᠷᠢᠭᠦᠨ ᠳᠤ ᠬᠤᠲᠠ ᠶᠢᠨ

ᠨᠢᠭᠡᠳᠦᠭᠡᠷ ᠪᠠᠭ᠎ᠠ ᠰᠤᠷᠭᠠᠭᠤᠯᠢ ᠳᠤ 3 ᠲᠦᠮᠡ 5 ᠮᠢᠩᠭ᠎ᠠ ᠭᠠᠷᠤᠶ ᠲᠥᠭᠦᠷᠢᠭ ᠤᠨ ᠥᠷᠲᠡᠭ ᠪᠥᠬᠦᠶ

ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠱᠠᠩᠨᠠᠯ ᠵᠢᠴᠢ ᠲᠥᠬᠦᠭᠡᠷᠦᠮᠵᠢ ᠶᠢ

ᠬᠠᠨᠳᠢᠪᠯᠠᠵᠤ᠂ ᠬᠡᠦᠬᠡᠳ ᠤᠳ ᠲᠤ ᠪᠠᠶᠠᠷ ᠤᠨ ᠡᠳᠦᠷ ᠤᠨ ᠵᠥᠩᠨᠡᠯ ᠪᠠ ᠬᠠᠶᠢᠷ᠎ᠠ ᠬᠠᠯᠠᠮᠵᠢ ᠬᠦᠷᠭᠡᠪᠡ᠃ ᠳᠠᠷᠠᠭ᠎ᠠ ᠨᠢ

᠂ ᠰᠤᠷᠤᠭᠴᠢᠳ ᠤᠨ ᠲᠥᠯᠥᠭᠡᠯᠡᠭᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ᠤᠯᠠᠭᠠᠨ ᠪᠦᠴᠡ

ᠵᠡᠭᠦᠯᠭᠡᠭᠰᠡᠨ ᠪᠥᠭᠡᠳ ᠥᠪᠡᠷ ᠤᠨ ᠦᠢᠯᠡᠳᠦᠭᠰᠡᠨ ᠵᠢᠵᠢᠭ ᠪᠡᠯᠡᠭ ᠬᠦᠷᠭᠡᠪᠡ᠃

   ᠸᠠᠩ ᠷᠦᠢ ᠰᠢᠨ ᠰᠤᠷᠤᠭᠴᠢᠳ ᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠯᠤᠰ ᠬᠡᠳᠦ ᠶᠢᠨ

ᠶᠡᠭᠡ ᠬᠠᠷᠠᠯᠲᠠ ᠶᠢ ᠪᠤᠢ ᠪᠣᠯᠭᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠷ ᠰᠢᠨ᠎ᠡ

ᠮᠡᠳᠡᠯᠭᠡ ᠶᠢ ᠰᠠᠶᠢᠲᠤᠷ ᠰᠤᠷᠤᠯᠴᠠᠵᠤ᠂ ᠰᠢᠨ᠎ᠡ ᠴᠢᠳᠠᠪᠤᠷᠢ ᠶᠢ ᠡᠵᠡᠮᠰᠢᠵᠦ᠂ ᠰᠢᠨ᠎ᠡ ᠡᠷᠳᠡᠮ ᠴᠢᠳᠠᠪᠤᠷᠢ ᠶᠢ

ᠨᠡᠮᠡᠭᠳᠡᠭᠦᠯᠵᠦ᠂ ᠰᠡᠳᠬᠢᠯ ᠵᠢᠷᠦᠬᠡᠨ ᠳᠡᠭᠡᠨ ᠲᠠᠯᠠᠷᠬᠠᠵᠤ᠂ ᠨᠡᠶᠢᠭᠡᠮ ᠳᠤ ᠠᠴᠢ ᠬᠠᠷᠢᠭᠤᠯᠵᠤ᠂ ᠬᠦᠰᠡᠯᠡᠩ ᠲᠠᠢ᠂

ᠴᠢᠳᠠᠪᠤᠷᠢ ᠲᠠᠢ᠂ ᠬᠠᠷᠢᠭᠤᠴᠠᠯᠭ᠎ᠠ ᠲᠠᠢ ᠰᠢᠨ᠎ᠡ ᠴᠠᠭ ᠦᠶ᠎ᠡ ᠶᠢᠨ ᠵᠠᠯᠭᠠᠮᠵᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ

ᠭᠡᠵᠦ ᠵᠣᠷᠢᠭᠵᠢᠭᠤᠯᠪᠠ᠃ ᠡᠭᠦᠨ ᠤ ᠬᠠᠮᠲᠤ ᠪᠠᠰᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠳ ᠢ ᠬᠤᠤᠯᠢᠩᠭᠤᠤᠯ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ

ᠬᠠᠯᠠᠮᠵᠢᠯᠠᠨ ᠠᠩᠬᠠᠷᠴᠤ᠂ ᠥᠪᠡᠷ ᠤᠨ ᠤᠶᠤᠨ ᠪᠠ ᠴᠢᠳᠠᠯ ᠢᠶᠠᠷ ᠢᠶᠠᠨ ᠮᠠᠨ ᠤ ᠬᠤᠲᠠ ᠶᠢᠨ ᠰᠤᠷᠭᠠᠨ

ᠬᠥᠮᠦᠵᠢᠯ ᠤᠨ ᠶᠠᠰᠤ ᠴᠢᠨᠠᠷ ᠤᠨ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ

ᠡᠷᠭᠦᠬᠦ ᠶᠢ ᠤᠷᠢᠶᠠᠯᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号