ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠭᠡᠰᠢᠭᠦᠨ ᠠᠵᠤ ᠠᠬᠤᠶᠢᠯᠠᠯ ᠳᠤ ᠬᠦᠷᠴᠦ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ︾ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/5
    6 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠤ ᠠᠬᠤᠶᠢᠯᠠᠯ ᠳᠤ ᠭᠦᠨᠵᠡᠭᠡᠶᠢᠷᠡᠨ ︽ᠭᠡᠰᠢᠭᠦᠨ ᠠᠵᠤ ᠠᠬᠤᠶᠢᠯᠠᠯ ᠳᠤ ᠬᠦᠷᠴᠦ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ︾ ᠰᠢᠷᠢᠰ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠷᠦᠢ ᠰᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠵᠢᠦ ᠶᠤᠸᠠᠨ᠂ ᠳ᠋ᠦᠩ ᠶᠢᠨ ᠭᠠᠩ᠂ ᠤᠯᠠᠭᠠᠬᠤᠳᠦ ᠵᠢᠴᠢ ᠡᠯ᠎ᠡ ᠵᠥᠪᠯᠡᠯ ᠲᠠᠰᠤᠭ ᠤᠨ ᠡᠷᠬᠢᠯᠡᠭᠴᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠠᠭ᠎ᠠ ᠳ᠋ᠣᠺᠲ᠋ᠣᠷ ᠬᠡᠦᠬᠡᠳ ᠤᠨ ᠴᠡᠴᠡᠷᠯᠢᠭ

᠂ ᠶᠢᠨ ᠯᠸᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠬᠤᠩ ᠶᠤᠸᠠᠨ ᠪᠤᠷᠴᠠᠭ ᠤᠨ ᠪᠦᠲᠦᠭᠡᠭᠳᠡᠬᠦᠨ ᠤ ᠺᠣᠮᠫᠠᠨᠢ᠂

 ᠶᠢᠨ ᠬᠤᠢ ᠨᠤᠨᠲᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠪᠦᠦ ᠱᠧᠩ ᠮᠠᠰᠢᠨ ᠴᠠᠬᠢᠯᠭᠠᠨ ᠤ

ᠲᠥᠬᠦᠭᠡᠷᠦᠮᠵᠢ ᠦᠢᠯᠡᠳᠬᠦ ᠺᠣᠮᠫᠠᠨᠢ ᠳᠤ ᠬᠦᠷᠴᠦ᠂ ᠦᠢᠯᠡᠳᠪᠦᠷᠢ ᠶᠢᠨ ᠲᠠᠰᠤᠭ ᠲᠤ ᠣᠷᠣᠬᠤ᠂ ᠦᠢᠯᠡᠳᠪᠦᠷᠢ ᠶᠢᠨ

ᠲᠠᠰᠤᠭ ᠢ ᠰᠤᠷᠪᠤᠯᠵᠢᠯᠠᠬᠤ᠂ ᠦᠵᠡᠭᠦᠯᠦᠯᠭᠡ ᠶᠢᠨ ᠵᠦᠢᠯᠡᠰ ᠢ ᠦᠵᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ

ᠡᠵᠡᠩᠨᠡᠯᠲᠡ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠢ ᠥᠷᠭᠡᠳᠬᠡᠬᠦ ᠵᠡᠷᠭᠡ ᠪᠠᠶᠢᠳᠠᠯ ᠢ

ᠲᠤᠬᠠᠢ ᠶᠢᠨ ᠭᠠᠵᠠᠷ ᠲᠤᠨᠢ ᠣᠶᠢᠯᠠᠭᠠᠵᠤ᠂ ᠣᠳᠣᠬᠠᠨ ᠤ ᠠᠵᠤ ᠠᠬᠤᠶᠢᠯᠠᠯ ᠤᠨ ᠬᠥᠭᠵᠢᠯᠲᠡ ᠶᠢ ᠵᠣᠬᠢᠴᠠᠭᠤᠯᠤᠨ

ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠲᠠᠢ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ

ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠥᠭᠡᠳ ᠠᠵᠤ ᠠᠬᠤᠶᠢᠯᠠᠯ ᠲᠠᠢ ᠠᠷᠠᠯᠵᠢᠶᠠᠴᠢᠨ ᠤᠷᠢᠬᠤ ᠰᠦᠪᠡᠭᠴᠢ ᠶᠢ

ᠰᠣᠯᠢᠯᠴᠠᠵᠤ᠂ ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ

ᠲᠠᠲᠠᠬᠤ︾ ᠰᠢᠨ᠎ᠡ ᠠᠷᠭ᠎ᠠ ᠵᠠᠮ ᠪᠠ ᠲᠤᠷᠰᠢᠯᠭ᠎ᠠ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠤᠨ ᠶᠠᠷᠢᠯᠴᠠᠪᠠ᠃

   ᠸᠠᠩ ᠷᠦᠢ ᠰᠢᠨ ᠴᠢᠬᠤᠯᠠᠴᠢᠯᠠᠭᠰᠠᠨ ᠨᠢ᠂ ᠲᠣᠰ ᠤᠳᠠᠭ᠎ᠠ ᠭᠡᠰᠢᠭᠦᠨ ᠠᠵᠤ ᠠᠬᠤᠶᠢᠯᠠᠯ ᠳᠤ ᠤᠷᠤᠭᠰᠠᠨ

ᠶᠠᠪᠤᠳᠠᠯ ᠪᠣᠯ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠠᠴᠠ ︽ᠬᠥᠭᠵᠢᠯᠲᠡ ᠶᠢᠨ

ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ︾ ᠰᠢᠷᠢᠰ ᠠᠵᠢᠯᠯᠠᠭ᠎ᠠ ᠥᠷᠨᠢᠭᠦᠯᠬᠦ ᠪᠠᠷ ᠲᠣᠭᠲᠠᠭᠰᠠᠨ ᠠᠩᠬᠠᠳᠤᠭᠠᠷ

ᠤᠳᠠᠭᠠᠨ ᠤ ᠭᠦᠨᠵᠡᠭᠡᠶ ᠪᠠᠶᠢᠴᠠᠭᠠᠨ ᠰᠤᠳᠤᠯᠤᠯᠲᠠ ᠪᠣᠯᠤᠨ᠎ᠠ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠢᠳᠡ

ᠠᠵᠤ ᠠᠬᠤᠶᠢᠯᠠᠯ ᠪᠣᠯ ᠮᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠂ ᠠᠵᠤ ᠠᠬᠤᠶᠢᠯᠠᠯᠲᠠᠨ ᠪᠣᠯ ᠮᠠᠨ ᠤ

ᠬᠥᠭᠵᠢᠯᠲᠡ ᠶᠢᠨ ᠠᠷᠤ ᠳᠠᠬᠢ ᠰᠠᠭᠤᠷᠢ ᠬᠦᠴᠦᠨ ᠮᠥᠨ ᠭᠡᠳᠡᠭ ᠢ ᠭᠦᠨᠵᠡᠭᠡᠶ ᠣᠶᠢᠯᠠᠭᠠᠪᠠ᠃ ᠬᠤᠶᠢᠰᠢᠳᠠ ᠶᠢᠨ

ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ᠂ ᠠᠵᠤ ᠠᠬᠤᠶᠢᠯᠠᠯᠲᠠᠨ ᠭᠡᠰᠢᠭᠦᠨ ᠬᠥᠭᠵᠢᠯᠲᠡ ᠶᠢᠨ

ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠦᠷᠭᠦᠯᠵᠢᠯᠡᠨ ᠡᠵᠡᠮᠳᠡᠵᠦ᠂

ᠨᠡᠶᠢᠭᠡᠮ ᠤᠨ ᠬᠠᠷᠢᠭᠤᠴᠠᠯᠭ᠎ᠠ ᠶᠢ ᠦᠷᠭᠦᠯᠵᠢᠯᠡᠨ ᠵᠣᠷᠢᠭᠲᠠᠢ ᠪᠠᠷ ᠡᠭᠦᠷᠭᠡᠯᠡᠵᠦ᠂ ︽ᠠᠷᠠᠯᠵᠢᠶᠠᠴᠢᠨ ᠢᠶᠠᠷ

ᠠᠷᠠᠯᠵᠢᠶᠠᠴᠢᠨ ᠤᠷᠢᠬᠤ︾ ᠦᠢᠯᠡᠳᠦᠯ ᠢ ᠪᠠᠳᠠᠷᠠᠭᠤᠯᠵᠤ᠂ ᠬᠦᠩᠭᠡᠨᠴᠠᠭᠠᠨ ᠵᠢᠴᠢ ᠬᠦᠩᠭᠡᠨᠴᠠᠭᠠᠨ ᠤ ᠰᠡᠭᠦᠯᠴᠢ ᠶᠢᠨ

ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ ᠴᠢᠭᠯᠡᠯ ᠢ ᠡᠵᠡᠮᠳᠡᠵᠦ᠂ ︽ᠬᠡᠯᠬᠢᠶ᠎ᠡ ᠶᠢᠨ ᠡᠵᠡᠨ︾ ᠠᠵᠤ

ᠠᠬᠤᠶᠢᠯᠠᠯ ᠳᠤ ᠲᠦᠰᠢᠭᠯᠡᠨ ᠠᠵᠤ ᠦᠢᠯᠡᠰ ᠤᠨ ᠬᠡᠯᠬᠢᠶ᠎ᠡ ᠶᠢᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ

ᠬᠡᠷᠡᠭᠵᠢᠭᠦᠯᠵᠦ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ

ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠲᠠ ᠶᠢᠨ ᠤᠯᠤᠰ ᠲᠥᠷᠥ ᠶᠢᠨ

ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂

ᠪᠠᠶᠢᠴᠠᠭᠠᠨ ᠰᠤᠳᠤᠯᠤᠯᠲᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ

ᠰᠣᠨᠣᠰᠴᠤ᠂ ᠲᠤᠷᠰᠢᠯᠭ᠎ᠠ ᠪᠠᠨ ᠥᠷᠭᠡᠳᠬᠡᠨ᠂ ᠰᠠᠭᠠᠳ ᠦᠭᠡᠢ ᠬᠤᠯᠪᠣᠵᠤ᠂ ᠠᠵᠤ ᠠᠬᠤᠶᠢᠯᠠᠯ ᠤᠨ

ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢᠨ ᠬᠠᠮᠲᠤ ᠪᠠᠶᠢᠴᠠᠭᠠᠨ

ᠰᠤᠳᠤᠯᠤᠯᠲᠠ ᠶᠢᠨ ᠳᠤᠮᠳᠠ ᠠᠴᠠ ᠠᠯᠤᠰ ᠬᠡᠲᠦ ᠶᠢᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠴᠢᠬᠤᠯᠠ ᠶᠡᠭᠡ

ᠠᠰᠠᠭᠤᠳᠠᠯ ᠢ ᠰᠣᠩᠭᠤᠨ ᠭᠠᠷᠭᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠮᠢᠶ᠎ᠠ ᠪᠦᠬᠦᠢ ᠡᠭᠦᠷᠭᠡ

ᠴᠢᠳᠠᠪᠬᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠰᠬᠠᠶ ᠰᠡᠳᠦᠪ ᠢᠶᠠᠷ ᠵᠥᠪᠳᠡᠯᠴᠡᠵᠦ᠂ ᠠᠵᠤ

ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ

ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠵᠤ᠂ ᠰᠢᠨ᠎ᠡ ᠡᠷᠡᠯᠬᠡᠭᠯᠡᠨ ᠤᠷᠤᠭᠰᠢᠯᠠᠬᠤ

ᠣᠪᠣᠷ ᠢᠶᠠᠷ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ

ᠰᠢᠨ᠎ᠡ ᠬᠤᠪᠢ ᠨᠡᠮᠡᠷᠢ ᠦᠵᠡᠭᠦᠯᠦᠨ᠎ᠡ ᠬᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号