ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠨᠠᠮ ᠤᠨ ᠬᠤᠷᠢᠶ᠎ᠠ ᠶᠢᠨ ᠡᠯ᠎ᠡ ᠬᠡᠯᠲᠡᠰ ᠵᠥᠪᠯᠡᠯ ᠠᠯᠪᠠᠨ ᠬᠡᠷ ᠲᠣᠪᠴᠢᠶ᠎ᠠ᠂ ᠬᠤᠲᠠ ᠶᠢᠨ ᠵᠠᠰᠠᠭ ᠤᠨ ᠣᠷᠳᠣᠨ ᠤ | ᠡᠯ᠎ᠡ ᠵᠥᠪᠯᠡᠯ ᠠᠯᠪᠠᠨ ᠬᠡᠷ ᠲᠣᠪᠴᠢᠶ᠎ᠠ ᠵᠢᠴᠢ ᠠᠷᠠᠳ ᠤᠨ ᠪᠦᠯᠬᠦᠮ ᠳᠤ᠄ | ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠵᠠᠮ | ᠬᠠᠷᠢᠯᠴᠠᠭᠠᠨ ᠤ ᠲᠦᠭᠵᠢᠷᠡᠯ ᠢ ᠨᠠᠮᠳᠠᠭᠤᠯᠵᠤ᠂ ᠥᠷᠭᠡᠨ ᠣᠯᠠᠨ ᠰᠢᠯᠭᠠᠭᠴᠢ ᠶᠢᠨ ᠤᠷᠤᠭᠰᠢᠲᠠᠶ ᠶᠠᠪᠤᠵᠤ | ᠰᠠᠭᠤᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠶᠡᠭᠡ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠭᠤᠣᠯ ᠬᠤᠲᠠ ᠶᠢᠨ ᠲᠣᠭᠤᠷᠢᠭ ᠪᠠ ᠬᠤᠰᠢᠭᠤ ᠰᠢᠶᠠᠨ ᠤ ᠲᠥᠪ | ᠪᠠᠯᠭᠠᠰᠤ ᠶᠢᠨ ᠬᠡᠪᠴᠢᠶᠡᠨ ᠳᠠᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠵᠢᠯᠯᠠᠬᠤ | ᠴᠠᠭ ᠢ ᠬᠤᠶᠢᠰᠢᠯᠠᠭᠤᠯᠬᠤ ᠲᠤᠬᠠᠢ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ 2024 ᠣᠨ ᠤ 6 ᠳ᠋ᠤᠭᠠᠷ ᠰᠠᠷ᠎ᠠ ᠶᠢᠨ 7 ︵ᠭᠠᠷᠠᠭ ᠤᠨ ᠲᠠᠪᠤᠨ︶ ᠤ ᠦᠳᠡ ᠶᠢᠨ ᠡᠮᠦᠨᠡᠬᠢ | ᠠᠵᠢᠯᠯᠠᠬᠤ ᠴᠠᠭ ᠢ 9᠄ 00 ᠪᠣᠯᠭᠠᠨ ᠲᠣᠬᠢᠷᠠᠭᠤᠯᠵᠤ᠂ ᠦᠳᠡ ᠶᠢᠨ ᠬᠤᠶᠢᠨᠠᠬᠢ ᠠᠵᠢᠯᠯᠠᠬᠤ ᠴᠠᠭ ᠢ 15᠄ 00 | ᠪᠣᠯᠭᠠᠨ ᠲᠣᠬᠢᠷᠠᠭᠤᠯᠵᠤ᠂ ᠦᠳᠡ ᠶᠢᠨ ᠡᠮᠦᠨᠡᠬᠢ᠂ ᠦᠳᠡ ᠶᠢᠨ ᠬᠤᠶᠢᠨᠠᠬᠢ ᠠᠵᠢᠯ ᠠᠴᠠ ᠪᠠᠭᠤᠬᠤ ᠴᠠᠭ ᠢ ᠴᠥᠮ | ᠬᠤᠪᠢᠷᠠᠭᠤᠯᠬᠤ ᠥᠬᠡᠶ᠃ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠠᠭᠤᠰᠤᠭᠰᠠᠨ ᠤ | ᠳᠠᠷᠠᠭ᠎ᠠ᠂ ᠤᠤᠯ ᠤᠨ ᠠᠵᠢᠯᠯᠠᠵᠤ ᠠᠮᠠᠷᠠᠬᠤ ᠴᠠᠭ ᠢᠶᠠᠨ ᠰᠡᠷᠭᠦᠭᠡᠨ᠎ᠡ᠃ | ᠬᠤᠶᠠᠷ᠂ ᠠᠵᠤ ᠠᠬᠤᠶᠢᠯᠠᠯ ᠪᠣᠯᠤᠨ ᠨᠡᠶᠢᠭᠡᠮ ᠤᠨ ᠪᠦᠯᠬᠦᠮ ᠵᠡᠷᠭᠡ ᠨᠢᠭᠡᠴᠡ ᠶᠢᠨ ᠠᠵᠢᠯᠯᠠᠬᠤ ᠴᠠᠭ ᠢᠶᠠᠨ | ᠬᠤᠶᠢᠰᠢᠯᠠᠭᠤᠯᠬᠤ ᠶᠢ ᠵᠣᠷᠢᠭᠵᠢᠭᠤᠯᠤᠨ᠎ᠠ᠃ | ᠭᠤᠷᠪᠠ᠂ ᠬᠤᠲᠠ ᠶᠢᠨ ᠠᠷᠠᠳ ᠰᠢᠯᠭᠠᠭᠴᠢ ᠶᠢᠨ ᠶᠠᠪᠤᠵᠤ ᠰᠠᠭᠤᠬᠤ ᠴᠠᠭ ᠲᠤ ᠭᠠᠳᠠᠭᠰᠢ ᠭᠠᠷᠬᠤ ᠪᠠ | ᠬᠤᠪᠢ ᠶᠢᠨ ᠮᠠᠰᠢᠨ ᠢᠶᠠᠷ ᠶᠠᠪᠤᠵᠤ ᠰᠠᠭᠤᠬᠤ ᠶᠢ ᠪᠠᠭᠠᠰᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠪᠠᠭᠠᠵᠢ ᠪᠠᠷ ᠶᠠᠪᠤᠵᠤ ᠰᠠᠭᠤᠬᠤ ᠶᠢ ᠰᠠᠨᠠᠭᠠᠴᠢᠯᠠᠨ᠎ᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠣ ᠬᠤᠲᠠ ᠶᠢᠨ ᠬᠤᠷᠢᠶ᠎ᠠ ᠶᠢᠨ ᠠᠯᠪᠠᠨ | ᠭᠡᠷ | ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 6 ᠳ᠋ᠤᠭᠠᠷ ᠰᠠᠷ᠎ᠠ ᠶᠢᠨ 4 | ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ | | |