ᠬᠤᠳᠠ ᠶᠢᠨ ᠵᠠᠰᠠᠭ ᠤᠨ ᠣᠷᠳᠣᠨ ᠤ 2024 ᠣᠨ ᠤ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/7
   6 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠶ ᠶᠠᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠵᠧᠤ ᠬᠠᠶ ᠮᠢᠨ᠂ ᠯᠢᠦ ᠽᠧᠩ ᠰᠢ᠂ ᠰᠥᠩ ᠴᠢ ᠵᠧ᠂ ᠰᠦᠨ ᠸᠧᠶ ᠨᠠᠨ᠂ ᠯᠢ ᠭᠦᠸᠧ ᡁᠢ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ

ᠰᠢᠪᠲᠤᠯᠤᠯᠲᠠ ᠶᠢᠨ ᠣᠨ ᠤ ᠠᠵᠢᠯᠯᠠᠭᠠᠨ ᠤ ᠲᠥᠰᠦᠯ ᠵᠢᠴᠢ ᠢᠵᠢ ᠪᠥᠷᠢᠳᠦᠭᠦᠯᠬᠦ ᠲᠥᠰᠦᠯ︾᠂ ︽︿ᠠᠷᠪᠠᠨ

ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ

ᠬᠥᠲᠥᠯᠪᠦᠷᠢ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ︾᠂ ᠭᠠᠴᠠᠭ᠎ᠠ ᠲᠣᠰᠬᠤᠨ ᠤ

ᠱᠠᠲᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠂

ᠴᠤᠸᠠᠩ ᠶᠤᠸᠠᠨ ᠲᠡᠮᠦᠷᠯᠢᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠠᠯᠠ

ᠣᠷᠣᠭᠤᠯᠤᠯᠲᠠ ᠶᠢᠨ ᠵᠥᠪᠯᠡᠯᠴᠡᠭᠡᠷ᠂ ᠱᠧᠩ ᠽᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠤᠨ

ᠪᠠᠯᠠ ᠣᠷᠣᠭᠤᠯᠤᠯᠲᠠ ᠶᠢᠨ ᠬᠡᠯᠡᠯᠴᠡᠭᠡᠷ ᠵᠡᠷᠭᠡ ᠵᠥᠪᠯᠡᠯᠴᠡᠭᠡᠷ ᠤᠨ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ᠃

   ᠵᠢᠢ ᠬᠠᠢ ᠶᠠᠩ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂

ᠠᠵᠤ ᠠᠬᠤᠶᠢᠯᠠᠯ ᠳᠤ ᠦᠢᠯᠡᠴᠢᠯᠡᠬᠦ ᠶᠢ ᠥᠷᠨᠢᠭᠦᠯᠬᠦ ᠶᠢᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠲᠠᠨᠢᠵᠤ᠂

ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂

ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠲᠥᠰᠦᠯ ᠤᠨ

ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃

ᠳᠡᠭᠡᠳᠦ ᠱᠠᠲᠤᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ

ᠰᠤᠳᠤᠯᠵᠤ᠂ ᠮᠠᠨ ᠤ ᠬᠤᠲᠠ ᠶᠢᠨ ᠪᠣᠳᠠᠲᠠᠢ ᠳᠤ ᠨᠡᠶᠢᠴᠡᠭᠰᠡᠨ᠂ ᠳᠤᠲᠠᠭᠤᠳᠠᠯ ᠢ ᠰᠢᠢᠳᠪᠦᠷᠢᠯᠡᠭᠰᠡᠨ ᠠᠰᠠᠭᠤᠳᠠᠯ ᠢ

ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠠᠵᠢᠯ ᠤᠨ ᠬᠠᠷᠢᠭᠤᠴᠠᠯᠭ᠎ᠠ ᠶᠢ ᠵᠦᠢᠯ

ᠳᠠᠷᠠᠭᠠᠯᠠᠨ ᠪᠣᠳᠠᠲᠠᠶᠢᠵᠢᠭᠤᠯᠵᠤ᠂ ᠮᠠᠨ ᠤ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ

ᠬᠥᠭᠵᠢᠯᠲᠡ ᠶᠢ ᠬᠦᠴᠦᠲᠡᠢ ᠠᠬᠢᠭᠤᠯᠬᠤ ᠬᠡᠷᠡᠭᠲᠡᠢ᠃ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠭᠦᠶ᠋ᠴᠡᠳ

ᠰᠠᠶᠢᠲᠤᠷ ᠬᠢᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠷᠭ᠎ᠠ

ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂

︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠯ᠎ᠡ ᠵᠦᠶ᠋ᠯ ᠤᠨ ᠡᠭᠦᠷᠭᠡ ᠶᠢ ᠡᠮᠬᠢ

ᠵᠢᠷᠤᠮ ᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号