ᠮᠠᠨ ᠤ ᠬᠤᠲᠠ 854 ᠰᠢᠯᠭᠠᠭᠤᠯᠤᠭᠴᠢ ᠰᠢᠯᠭᠠᠯᠲᠠ ᠶᠢᠨ ᠲᠠᠯᠠᠪᠠᠢ ᠳᠤ ᠬᠦᠷᠴᠦ ᠢᠷᠡᠪᠡ    ᠶᠡᠭᠡ ᠰᠤᠷᠭᠠᠭᠤᠯᠢ ᠶᠢᠨ ᠰᠢᠯᠭᠠᠯᠲᠠ ᠳᠤ ᠴᠢᠷᠮᠠᠢ︕
ᠨᠡᠶᠢᠲᠡᠯᠡᠭᠰᠡᠨ ᠴᠠᠭ᠄
2024/6/7
       ᠵᠠᠯᠠᠭᠤ ᠨᠠᠰᠤᠨ ᠳᠤ ᠪᠠᠨ ᠠᠤᠭ᠎ᠠ ᠪᠤᠳᠤᠯ ᠡᠪᠦᠷᠯᠡᠵᠦ᠂        ᠰᠠᠷᠠᠭᠤᠯ ᠲᠠᠯ᠎ᠠ ᠳᠤ ᠰᠠᠨᠠᠭ᠎ᠠ ᠪᠠᠷ ᠢᠶᠠᠨ ᠲᠤᠪᠳᠤᠯᠤᠶ᠎ᠠ

6 ᠰᠠᠷ᠎ᠠ ᠶᠢᠨ 7 ᠤ ᠡᠳᠦᠷ᠂ ᠮᠠᠨ ᠤ ᠬᠤᠲᠠ ᠶᠢᠨ 854 ᠰᠢᠯᠭᠠᠭᠤᠯᠤᠭᠴᠢ ᠶᠡᠭᠡ ᠰᠤᠷᠭᠠᠭᠤᠯᠢ ᠶᠢᠨ

ᠰᠢᠯᠭᠠᠯᠲᠠ ᠶᠢᠨ ᠲᠠᠯᠠᠪᠤᠷ ᠲᠤ ᠤᠷᠤᠵᠦ  ᠲᠡᠳᠡ ᠭᠡᠷ ᠤᠨ ᠠᠬᠠᠮᠠᠳ᠂ ᠪᠠᠭᠰᠢ ᠶᠢᠨ ᠬᠦᠰᠡᠯ ᠢ ᠮᠦᠷᠦᠨ ᠳᠤ ᠪᠠᠨ

ᠡᠭᠦᠷᠴᠦ ᠠᠯᠤᠰ ᠢᠷᠡᠭᠡᠳᠦᠢ ᠳᠤ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢᠶᠠᠨ ᠡᠪᠦᠷᠯᠡᠬᠦ ᠶᠢᠨ ᠬᠠᠮᠲᠤ

ᠰᠢᠯᠭᠠᠯᠲᠠ ᠶᠢᠨ ᠲᠠᠯᠠᠪᠤᠷ ᠲᠤ ᠬᠦᠷᠪᠡ᠃

     

        ᠬᠦᠰᠡᠯᠡᠩ ᠤᠨ ᠲᠥᠯᠥᠭᠡ ᠬᠦᠴᠦᠯᠡᠨ ᠲᠡᠮᠡᠴᠡᠭᠡᠷᠡᠢ︕

   

     

    ᠬᠤᠤᠯᠢᠩᠭᠤᠤᠯ ᠬᠤᠲᠠ ᠶᠢᠨ ᠡᠯ᠎ᠡ ᠰᠠᠯᠠᠭ᠎ᠠ ᠮᠦᠴᠢᠷ ᠨᠢᠭᠡᠴᠡ ᠤᠯᠤᠰ ᠤᠨ ᠰᠢᠯᠭᠠᠯᠲᠠ ᠶᠢᠨ ᠠᠶᠠᠯᠠᠯ

ᠬᠠᠮᠠᠭᠠᠯᠠᠬᠤ ᠬᠡᠪ ᠵᠠᠭᠪᠤᠷ ᠢ ᠪᠦᠬᠦ ᠲᠠᠯ᠎ᠠ ᠪᠠᠷ ᠡᠬᠢᠯᠡᠭᠦᠯᠪᠡ

   

       ᠪᠡᠯᠡᠳᠬᠡᠯ ᠢ ᠭᠦᠢᠴᠡᠳ ᠬᠢᠵᠦ ᠨᠢᠭᠳᠠ ᠠᠴᠠ ᠨᠢᠭᠲᠠ ᠬᠢᠵᠦ ᠦᠷᠭᠡᠨ ᠤᠯᠠᠨ ᠰᠢᠯᠭᠠᠭᠤᠯᠤᠭᠴᠢ ᠶᠢ ᠪᠦᠬᠦ

ᠬᠦᠴᠦᠨ ᠢᠶᠠᠷ ᠢᠶᠠᠨ ᠬᠠᠮᠠᠭᠠᠯᠠᠪᠠ

   

       

   

       ᠰᠢᠯᠭᠠᠭᠤᠯᠤᠭᠴᠢ ᠶᠢᠨ ᠠᠮᠤᠷ ᠲᠦᠪᠰᠢᠨ ᠢ ᠪᠠᠲᠤᠯᠠᠵᠤ᠂ ᠬᠦᠰᠡᠯ ᠵᠡᠭᠦᠳᠦ ᠪᠠᠨ ᠠᠮᠤᠷ ᠲᠦᠪᠰᠢᠨ ᠢᠶᠠᠷ

ᠬᠥᠭᠡᠭᠡᠴᠡᠯᠳᠦᠬᠦ ᠶᠢᠨ ᠲᠥᠯᠥᠭᠡ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ

ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ

ᠤᠷᠢᠳᠴᠢᠯᠠᠨ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂

ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠽᠧᠩ ᠰᠢ ᠰᠢᠯᠭᠠᠯᠲᠠ ᠶᠢᠨ ᠴᠡᠭ ᠲᠤ ᠭᠦᠨᠵᠡᠭᠡᠶᠢᠷᠡᠨ

ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠤᠨ ᠪᠠᠶᠢᠳᠠᠯ ᠢ

ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ᠬᠤᠯᠪᠣᠭᠠᠯᠠᠨ

ᠬᠥᠳᠡᠯᠦᠯᠴᠡᠵᠦ᠂ ᠡᠮᠴᠢᠯᠡᠭᠡᠨ ᠤ ᠠᠪᠤᠷᠠᠨ ᠵᠠᠰᠠᠯᠲᠠ᠂ ᠴᠠᠬᠢᠯᠭᠠᠨ ᠬᠦᠴᠦᠨ ᠤ ᠪᠠᠲᠤᠯᠠᠭ᠎ᠠ᠂ ᠭᠠᠯ ᠤᠨᠲᠠᠷᠠᠭᠠᠬᠤ ᠠᠮᠤᠷ

ᠲᠦᠪᠰᠢᠨ᠂ ᠢᠳᠡᠭᠡᠨ ᠤᠮᠳᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠲᠠᠭᠤ

ᠱᠤᠤᠭᠢᠶᠠᠨ ᠢ ᠰᠡᠷᠭᠡᠶᠢᠯᠡᠨ ᠵᠠᠰᠠᠬᠤ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠪᠣᠳᠠᠲᠠᠶ ᠳᠤ

ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠪᠥᠬᠦ

ᠬᠦᠴᠦᠨ ᠢᠶᠠᠷ ᠢᠶᠠᠨ ᠪᠠᠲᠤᠯᠠᠭ᠎ᠠ ᠬᠠᠩᠭᠠᠭᠰᠠᠨ ᠪᠠᠶᠢᠨ᠎ᠠ᠃

           ᠦᠳᠡ ᠶᠢᠨ ᠡᠮᠦᠨᠡᠬᠢ 8 ᠴᠠᠭ ᠲᠤ᠂ ᠰᠢᠯᠭᠠᠯᠲᠠ ᠶᠢᠨ ᠴᠠᠭ ᠣᠶᠢᠷᠠᠳᠬᠤ ᠶᠢ ᠳᠠᠭᠠᠯᠳᠤᠨ᠂

ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ ᠵᠠᠯᠭᠠᠭ᠎ᠠ ᠪᠠᠷ ᠬᠦᠷᠴᠦ᠂ ᠠᠵᠢᠯᠲᠠᠳ ᠲᠣᠭᠲᠠᠭᠠᠯ ᠶᠣᠰᠣᠭᠠᠷ᠂

ᠰᠢᠯᠭᠠᠭᠤᠯᠤᠭᠴᠢ ᠭᠠᠷ ᠤᠲᠠᠰᠤ᠂ ᠣᠶᠤᠨᠴᠢ ᠭᠠᠷ ᠴᠠᠭ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠠᠵᠢ

ᠬᠡᠷᠡᠭᠰᠡᠯ ᠢᠶᠠᠨ ᠠᠪᠴᠤ ᠰᠢᠯᠭᠠᠯᠲᠠ ᠶᠢᠨ ᠲᠠᠯᠠᠪᠤᠷ ᠲᠤ ᠤᠷᠤᠭᠰᠠᠨ ᠡᠰᠡᠬᠦ ᠶᠢ ᠪᠠᠶᠢᠴᠠᠭᠠᠨ ᠰᠢᠯᠭᠠᠵᠤ᠂ ᠬᠤᠲᠠ ᠶᠢᠨ

ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ

ᠬᠠᠤᠯᠢ ᠬᠡᠷᠡᠭᠵᠢᠭᠦᠯᠬᠦ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠤᠯᠪᠣᠭᠳᠠᠯ

ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂

ᠰᠢᠯᠭᠠᠭᠤᠯᠤᠭᠴᠢ ᠳᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠦᠢᠯᠡᠴᠢᠯᠡᠵᠦ᠂ ᠳᠡᠭᠡᠳᠦ ᠰᠤᠷᠭᠠᠭᠤᠯᠢ ᠳᠤ

ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠪᠡ᠃

 

       ᠰᠢᠯᠭᠠᠯᠲᠠ ᠶᠢᠨ ᠴᠡᠭ ᠤᠨ ᠭᠠᠳᠠᠨᠠᠬᠢ ᠬᠡᠷ ᠤᠨ ᠠᠬᠠᠮᠠᠳ ᠰᠢᠯᠭᠠᠯᠳᠠ ᠬᠦᠯᠢᠶᠡᠬᠦ ᠭᠠᠵᠠᠷ ᠲᠤ ᠲᠤᠭᠳᠠᠪᠤᠷᠢ

ᠠᠯᠳᠠᠨ ᠬᠦᠯᠢᠶᠡᠵᠦ ᠪᠠᠶᠢᠭ᠎ᠠ ᠬᠡᠷ ᠤᠨ ᠠᠬᠠᠮᠠᠳ ᠳᠦᠭᠦᠷᠲᠡᠯ᠎ᠡ ᠵᠣᠭᠰᠣᠵᠤ᠂ ᠵᠠᠷᠢᠮ ᠬᠡᠷ ᠤᠨ ᠠᠬᠠᠮᠠᠳ ᠮᠠᠨᠵᠤ

ᠲᠡᠷᠯᠢᠭ ᠢᠶᠠᠨ ᠡᠮᠦᠰᠴᠦ᠂ ᠰᠢᠯᠭᠠᠭᠤᠯᠤᠭᠴᠢ ᠶᠢᠨ ᠡᠷᠴᠢ ᠵᠣᠷᠢᠭ ᠢ ᠬᠥᠪᠴᠢᠯᠡᠪᠡ᠃

 

       ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠶᠢᠨ 1094 ᠰᠣᠷᠣᠭᠴᠢ ᠶᠡᠭᠡ ᠳᠡᠭᠡᠳᠦ

ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ ᠪᠠᠷ ᠨᠡᠷ᠎ᠡ ᠮᠡᠳᠡᠭᠦᠯᠪᠡ᠂ ᠡᠭᠦᠨ ᠳᠤ ᠲᠤᠰᠠᠭᠠᠷ

ᠰᠣᠷᠣᠭᠴᠢ 240 ᠰᠣᠷᠣᠭᠴᠢ ᠡᠯᠰᠡᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠣᠳᠠᠲᠠᠶ

ᠣᠷᠣᠯᠴᠠᠭᠰᠠᠨ ᠬᠥᠮᠦᠨ ᠤ ᠲᠤᠭ᠎ᠠ 854 ᠪᠠᠶᠢᠨ᠎ᠠ᠃ ᠪᠥᠬᠦ ᠬᠤᠲᠠ ᠳᠤ ᠨᠡᠶᠢᠲᠡ 1 ᠰᠢᠯᠭᠠᠯᠲᠠ ᠶᠢᠨ ᠴᠡᠭ᠂ 32

ᠰᠢᠯᠭᠠᠯᠲᠠ ᠶᠢᠨ ᠲᠠᠯᠠᠪᠠᠶ᠂ 1 ᠪᠡᠯᠡᠳᠬᠡᠯ ᠰᠢᠯᠭᠠᠯᠲᠠ ᠶᠢᠨ ᠲᠠᠯᠠᠪᠠᠶ ᠭᠠᠷᠭᠠᠵᠠᠶ᠃

       6 ᠰᠠᠷ᠎ᠠ ᠶᠢᠨ 7 ᠤ ᠡᠳᠦᠷ ᠤᠨ ᠥᠷᠯᠥᠭᠡ ᠡᠷᠲᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ

ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠣᠨᠴᠠ ᠴᠠᠭᠳᠠᠭᠠᠨ ᠤ ᠶᠡᠭᠡ ᠠᠩᠭᠢ

ᠵᠢᠴᠢ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠬᠤᠷᠴᠠ ᠴᠢᠳᠠᠮᠠᠭᠠᠶ ᠴᠠᠭᠳᠠᠭᠠᠨ ᠤ ᠬᠦᠴᠦᠨ ᠢ ᠰᠢᠯᠵᠢᠭᠦᠯᠵᠦ᠂

ᠪᠦᠬᠦᠯᠢ ᠡᠳᠦᠷ ᠢᠶᠠᠷ ᠲᠠᠰᠤᠷᠠᠯᠲᠠ ᠥᠬᠡᠶ ᠲᠣᠭᠤᠷᠢᠨ ᠪᠠᠶᠢᠴᠠᠭᠠᠬᠤ ᠪᠠ ᠴᠡᠭ ᠲᠣᠭᠲᠠᠭᠠᠨ ᠵᠢᠵᠢᠭᠦᠷᠯᠡᠨ ᠰᠠᠬᠢᠬᠤ

ᠠᠷᠭ᠎ᠠ ᠮᠠᠶ᠋ᠢᠭ ᠢ ᠠᠪᠴᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠤᠷᠢᠭ ᠭᠠᠷᠭᠠᠵᠤ᠂ ᠰᠤᠷᠭᠠᠭᠤᠯᠢ ᠶᠢᠨ

ᠬᠦᠷᠢᠶᠡᠨ ᠤ ᠡᠷᠬᠢᠨ ᠲᠣᠭᠤᠷᠢᠨ ᠳᠤ ᠲᠣᠭᠤᠷᠢᠨ ᠪᠠᠶᠢᠴᠠᠭᠠᠬᠤ ᠪᠠ ᠲᠣᠭᠤᠷᠢᠨ ᠪᠠᠶᠢᠴᠠᠭᠠᠵᠤ᠂ ᠰᠢᠯᠭᠠᠯᠲᠠ ᠶᠢᠨ

ᠴᠡᠭ ᠤᠨ ᠡᠷᠬᠢᠨ ᠲᠣᠭᠤᠷᠢᠨ ᠤ ᠰᠢᠯᠭᠠᠭᠤᠯᠤᠭᠴᠢ ᠶᠢᠨ ᠬᠡᠷ ᠤᠨ ᠠᠬᠠᠮᠠᠳ ᠪᠠ ᠬᠠᠮᠢᠶ᠎ᠠ ᠥᠬᠡᠶ ᠬᠥᠮᠦᠰ ᠢ ᠴᠠᠭ

ᠲᠤᠬᠠᠶ ᠳᠤᠨᠢ ᠲᠠᠷᠬᠠᠭᠠᠵᠤ᠂ ᠰᠢᠯᠭᠠᠯᠲᠠ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ

ᠴᠢᠩᠭ᠎ᠠ ᠴᠣᠬᠢᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠦᠶ ᠣᠯᠠᠨ ᠰᠤᠷᠤᠭᠴᠢᠳ ᠲᠤ ᠰᠠᠶᠢᠨ ᠰᠠᠶᠢᠬᠠᠨ

ᠰᠢᠯᠭᠠᠯᠲᠠ ᠶᠢᠨ ᠠᠭᠤᠷ ᠠᠮᠢᠰᠬᠤᠯ ᠢ ᠪᠣᠶ ᠪᠣᠯᠭᠠᠪᠠ᠃

 

   ︽ᠥᠨᠥᠳᠥᠷ ᠪᠣᠯ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ

ᠨᠢᠭᠡᠳᠦᠭᠡᠷ ᠡᠳᠦᠷ ᠮᠥᠨ᠂ ᠥᠷᠯᠥᠭᠡ ᠶᠢᠨ ᠵᠢᠷᠭᠤᠭᠠᠨ ᠴᠠᠭ ᠠᠴᠠ ᠡᠬᠢᠯᠡᠨ ᠬᠤᠤᠯᠢᠩᠭᠤᠤᠯ ᠤᠨ ᠳᠣᠲᠣᠭᠠᠳᠤ ᠶᠢ

ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠨᠢᠭᠡᠨᠲᠡ ᠪᠥᠬᠦ ᠠᠵᠢᠯᠲᠠᠨ ᠠᠵᠢᠯ ᠤᠨ ᠪᠠᠶᠢᠷᠢ ᠪᠠᠨ

ᠪᠣᠳᠠᠲᠠᠶᠢᠵᠢᠭᠤᠯᠵᠤ᠂ ᠥᠩᠭᠡᠷᠡᠭᠰᠡᠨ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ

ᠰᠢᠯᠭᠠᠯᠲᠠ ᠶᠢᠨ ᠵᠠᠮ ᠬᠠᠷᠢᠯᠴᠠᠭᠠᠨ ᠤ ᠠᠮᠤᠷ ᠢ ᠬᠠᠮᠠᠭᠠᠯᠠᠬᠤ ᠠᠵᠢᠯ ᠤᠨ ᠲᠤᠷᠰᠢᠯᠭ᠎ᠠ ᠲᠠᠢ ᠤᠶᠠᠯᠳᠤᠭᠤᠯᠤᠨ᠂ ᠵᠠᠮ

ᠬᠠᠷᠢᠯᠴᠠᠭᠠᠨ ᠤ ᠵᠠᠬᠢᠷᠤᠨ ᠬᠠᠮᠢᠶᠠᠷᠬᠤ 5 ᠴᠡᠭ ᠭᠠᠷᠭᠠᠵᠤ᠂ ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠣᠷᠣᠨ

ᠪᠦᠰᠡ ᠶᠢᠨ ᠲᠦᠭᠵᠢᠷᠡᠯ ᠢ ᠰᠠᠭᠠᠳ ᠥᠬᠡᠶ ᠨᠡᠪᠲᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ᠂

ᠰᠠᠭᠠᠳ ᠥᠬᠡᠶ ᠨᠡᠪᠲᠡᠷᠡᠬᠦ᠂ ᠠᠮᠤᠷ ᠲᠦᠪᠰᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ

ᠰᠢᠯᠭᠠᠯᠲᠠ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠰᠢᠯᠭᠠᠭᠤᠯᠤᠭᠴᠢ ᠶᠢ

ᠬᠠᠮᠠᠭᠠᠯᠠᠨ᠎ᠠ︾ ᠭᠡᠵᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ

ᠬᠠᠮᠢᠶᠠᠷᠤᠯᠲᠠ ᠶᠢᠨ ᠶᠡᠭᠡ ᠠᠩᠬᠢ ᠶᠢᠨ ᠳᠡᠳ᠋ ᠳᠠᠷᠤᠭ᠎ᠠ ᠸᠠᠩ ᠱᠢᠶᠠ ᠹᠡᠨ ᠬᠡᠯᠡᠪᠡ᠃

             

       ᠡᠯ᠎ᠡ ᠰᠠᠯᠠᠭ᠎ᠠ ᠮᠥᠴᠢᠷ ᠨᠢᠭᠡᠴᠡ ᠶᠢᠨ ︽ᠠᠶᠠᠯᠠᠯ ᠬᠠᠮᠠᠭᠠᠯᠠᠬᠤ︾ ᠠᠴᠠ ᠭᠠᠳᠠᠨ᠎ᠠ᠂ ᠪᠥᠬᠦ ᠬᠤᠲᠠ ᠶᠢᠨ ᠡᠯ᠎ᠡ

ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠪᠠᠰᠠ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ

ᠲᠡᠷᠭᠡᠨ ᠠᠩᠭᠢ᠂ ᠬᠠᠶᠢᠷ᠎ᠠ ᠬᠠᠯᠠᠮᠵᠢ ᠶᠢᠨ ᠨᠡᠶᠢᠲᠡ ᠶᠢᠨ ᠮᠠᠰᠢᠨ ᠲᠡᠷᠭᠡᠨ ᠤ ᠠᠩᠭᠢ ᠪᠠᠶᠢᠭᠤᠯᠵᠤ᠂ ᠠᠮᠤᠷ

ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ

ᠬᠤᠭᠤᠴᠠᠭᠠᠨ ᠳᠤ ᠰᠢᠯᠭᠠᠭᠤᠯᠤᠭᠴᠢ ᠳᠤ ᠰᠦᠢᠳᠬᠡᠯ ᠬᠤᠷᠢᠶᠠᠬᠤ ᠥᠬᠡᠶ ᠪᠠᠷ ᠲᠡᠷᠭᠡᠨ ᠳᠤ ᠰᠠᠭᠤᠬᠤ ᠦᠢᠯᠡᠴᠢᠯᠡᠭᠡ

ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠯᠭᠠᠭᠤᠯᠤᠭᠴᠢ ᠳᠤ ᠬᠦᠴᠦ ᠨᠡᠮᠡᠷᠢᠯᠡᠨ᠎ᠡ᠃

   

       

   

       

   

       ᠶᠠᠷᠢᠶᠠᠨ ᠦᠭᠡᠢ ᠪᠠᠰᠠ ᠬᠠᠶᠢᠷᠠᠲᠠᠶ ᠰᠠᠶᠢᠨ ᠳᠤᠷ᠎ᠠ ᠶᠢᠨ ᠦᠢᠯᠡᠴᠢᠯᠡᠭᠴᠢᠳ ᠶᠡᠭᠡ ᠰᠤᠷᠭᠠᠭᠤᠯᠢ ᠶᠢᠨ

ᠰᠢᠯᠭᠠᠯᠲᠠ ᠶᠢᠨ ᠰᠤᠷᠤᠭᠴᠢᠳ ᠲᠤ ᠰᠢᠯᠭᠠᠯᠲᠠ ᠶᠢᠨ ᠪᠢᠴᠢᠭ ᠮᠠᠲ᠋ᠧᠷᠢᠶᠠᠯ ᠤᠨ ᠤᠭᠤᠲᠠ᠂ ᠨᠦᠢᠲᠠᠨ ᠠᠯᠴᠢᠭᠤᠷ᠂

ᠲᠤᠩᠭᠠᠯᠠᠭ ᠪᠣᠷᠣᠭᠠᠨ ᠤ ᠰᠢᠬᠦᠷ ᠵᠡᠷᠭᠡ ᠡᠳ᠋ ᠪᠣᠳᠠᠰ ᠪᠡᠯᠡᠳᠬᠡᠵᠦ᠂ ᠰᠢᠯᠭᠠᠯᠲᠠ ᠶᠢᠨ ᠰᠤᠷᠤᠭᠴᠢᠳ ᠤᠨ

ᠰᠢᠯᠭᠠᠯᠲᠠ ᠶᠢᠨ ᠬᠡᠷᠡᠭᠰᠡᠯ ᠤᠨ ᠬᠡᠷᠡᠭᠴᠡᠭᠡ ᠶᠢ ᠪᠠᠲᠤᠯᠠᠪᠠ᠃

   

       

   ᠠᠲᠡ ᠬᠦᠷᠭᠦ ᠨᠢ ᠲᠦᠮᠡᠨ ᠭᠠᠵᠠᠷ ᠤᠨ ᠬᠤᠯᠠ ᠶᠢ ᠬᠦᠰᠡᠷᠲᠡᠭᠦᠯᠭᠦ ᠦᠭᠡᠢ ᠶᠤᠮ᠂ ᠲᠡᠲᠡᠨ ᠤ  ᠬᠦᠰᠡᠯ

ᠨᠠᠶᠢᠳᠠᠯᠭ᠎ᠠ ᠶᠢ ᠯᠠᠪ ᠬᠦᠰᠡᠷᠲᠡᠭᠦᠯᠭᠦ ᠦᠭᠡᠢ ᠶᠤᠮ︕

   ᠶᠡᠭᠡ ᠰᠤᠷᠭᠠᠭᠤᠯᠢ ᠶᠢᠨ ᠰᠢᠯᠭᠠᠯᠲᠠ ᠳᠤ ᠴᠢᠷᠮᠠᠢ︕    

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号