ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/2
    6 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢᠦ ᠮᠢᠩ ᠭᠦᠸᠧ᠂ ᠱᠠᠨ ᠯᠢᠶᠠᠨ ᠾᠧᠩ᠂ ᠵᠧᠤ ᠬᠠᠶ ᠮᠢᠨ᠂ ᠯᠢᠦ ᠽᠧᠩ ᠰᠢ᠂ ᠸᠠᠩ ᠵᠢᠶᠦ᠋ᠨ ᠭᠦᠸᠧ᠂ ᠰᠦᠨ ᠸᠧᠶ ᠨᠠᠨ᠂ ᠯᠢ ᠭᠦᠸᠧ ᡁᠢ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠳᠡᠭᠡᠷ᠎ᠡ᠂ ᠪᠥᠬᠦ ᠬᠤᠲᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠪᠠ ᠳᠡᠭᠡᠳᠦ ᠱᠠᠲᠤᠨ ᠤ

ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠮᠠᠨ ᠤ ᠬᠤᠲᠠ ᠳᠤ ᠢᠷᠡᠵᠦ ᠱᠠᠯᠠᠪᠳᠠᠭᠤᠯᠤᠨ ᠵᠢᠯᠣᠭᠤᠳᠴᠤ

ᠬᠠᠷᠢᠭᠤ ᠲᠤᠰᠬᠠᠭᠰᠠᠨ ᠠᠰᠠᠭᠤᠳᠠᠯ ᠤᠨ ᠪᠠᠶᠢᠳᠠᠯ ᠢ ᠵᠠᠷᠯᠠᠨ ᠮᠡᠳᠡᠭᠳᠡᠪᠡ︔ ᠬᠤᠯᠪᠣᠭᠳᠠᠯ ᠪᠥᠬᠦᠶ ᠰᠠᠯᠠᠭ᠎ᠠ

ᠮᠥᠴᠢᠷ ᠤᠳ ᠲᠥᠪᠯᠡᠷᠡᠭᠦᠯᠦᠨ ᠴᠡᠭᠴᠡᠯᠡᠨ ᠵᠠᠰᠠᠬᠤ ᠡᠭᠦᠷᠭᠡ ᠶᠢᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ

ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ

ᠬᠢᠪᠠ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠤᠳᠤᠷᠢᠳᠤᠯᠭ᠎ᠠ ᠲᠤᠰ

ᠪᠡᠶ᠎ᠡ ᠶᠢᠨ ᠬᠤᠪᠢᠳᠠᠨ ᠬᠠᠮᠢᠶᠠᠷᠬᠤ ᠠᠵᠢᠯ ᠤᠨ ᠲᠤᠬᠠᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃

   ᠵᠢᠢ ᠬᠠᠶ ᠶᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ︽ᠬᠤᠶᠠᠷ ᠢ

ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ

ᠦᠨᠳᠦᠷᠴᠡ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂

ᠲᠡᠭᠦᠨ ᠢ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ

ᠬᠦᠴᠦᠲᠡᠶ ᠭᠠᠷᠳᠠᠴᠠ ᠪᠣᠯᠭᠠᠵᠤ᠂ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠦᠨᠡᠨ ᠬᠦ

ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ ᠶᠢ ᠲᠤᠪᠤᠶᠢᠯᠭᠠᠨ᠂ ᠬᠠᠷᠢᠭᠤᠴᠠᠯᠭ᠎ᠠ ᠶᠢᠨ

ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ

ᠠᠰᠠᠭᠤᠳᠠᠯ ᠲᠠᠢ ᠤᠶᠠᠯᠳᠤᠭᠤᠯᠤᠨ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠠᠷᠠᠳ ᠤᠨ ᠠᠮᠢᠳᠤᠷᠠᠯ ᠤᠨ ᠬᠦᠰᠡᠯ

ᠱᠠᠭᠠᠷᠳᠠᠯᠭ᠎ᠠ᠂ ᠡᠮ ᠡᠮᠨᠡᠯᠭᠡ ᠰᠤᠷᠭᠠᠨ ᠬᠥᠮᠦᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ

ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠵᠢᠯ ᠤᠨ ᠰᠡᠳᠬᠢᠴᠡ ᠪᠠᠨ ᠢᠳᠡᠪᠬᠢᠲᠡᠶ ᠪᠠᠷ

ᠰᠢᠨᠡᠴᠢᠯᠡᠵᠦ᠂ ᠠᠷᠭᠠᠴᠠᠬᠤ ᠪᠤᠳᠤᠯᠭ᠎ᠠ ᠶᠢ ᠰᠤᠳᠤᠯᠤᠨ ᠰᠢᠢᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ

ᠠᠰᠠᠭᠤᠳᠠᠯ ᠵᠢᠴᠢ ᠠᠮᠠᠷᠬᠠᠨ ᠡᠭᠦᠰᠴᠦ ᠤᠯᠠᠨ ᠡᠭᠦᠰᠬᠦ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃

ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ︽ᠨᠢᠭᠡ ᠬᠡᠷᠡᠭ ᠢ

ᠬᠤᠶᠠᠷ  ᠢᠶᠠᠷ ᠪᠠᠶᠢᠴᠠᠭᠠᠬᠤ︾ ᠶᠢ ᠪᠠᠷᠢᠮᠲᠠᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ

ᠠᠬᠢᠭᠤᠯᠤᠭᠰᠠᠨ ᠨᠢ ᠬᠦᠴᠦᠨ ᠦᠭᠡᠢ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ

ᠪᠠᠶᠢᠳᠠᠯ ᠢ ᠬᠠᠷᠢᠭᠤᠴᠠᠯᠭ᠎ᠠ ᠨᠡᠬᠡᠮᠵᠢᠯᠡᠬᠦ ᠪᠠᠷ ᠳᠠᠮᠵᠢᠭᠤᠯᠤᠨ᠂ ᠨᠢᠭᠡ ᠬᠡᠰᠡᠭ ᠢ ᠰᠡᠷᠡᠮᠵᠢᠯᠡᠭᠦᠯᠵᠦ᠂ ᠲᠥᠪᠯᠡᠷᠡᠭᠦᠯᠦᠨ

ᠴᠡᠭᠴᠡᠯᠡᠨ ᠵᠠᠰᠠᠬᠤ ᠬᠠᠷᠢᠭᠤᠴᠠᠯᠭᠠᠲᠠᠨ ᠨᠢᠭᠡᠪᠦᠷᠢ ᠶᠢ ᠵᠣᠷᠢᠭᠲᠠᠢ ᠠᠳᠬᠤᠨ ᠵᠣᠷᠢᠭᠲᠠᠢ ᠬᠠᠮᠢᠶᠠᠷᠴᠤ᠂ ᠦᠨᠡᠨᠬᠦ

ᠠᠳᠬᠤᠨ ᠦᠨᠡᠨᠬᠦ ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠮᠠᠨ ᠤ ᠬᠤᠲᠠ ᠶᠢᠨ ᠦᠨᠳᠦᠰᠦᠨ

ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ ᠵᠠᠰᠠᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠮᠠᠨ ᠤ

ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃

 

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号