2024 ᠣᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠲᠣᠭᠤᠷᠢᠨ ᠦᠵᠡᠬᠦ ᠪᠦᠯᠬᠦᠮ ᠮᠠᠨ ᠤ ᠬᠤᠲᠠ ᠳᠤ ᠭᠦᠨᠵᠡᠭᠡᠶᠢᠷᠡᠨ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/2
   6 ᠰᠠᠷ᠎ᠠ ᠶᠢᠨ 29 ᠤ ᠡᠳᠦᠷ᠂ 2024 ᠣᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠲᠣᠭᠤᠷᠢᠨ ᠦᠵᠡᠬᠦ ᠪᠦᠯᠬᠦᠮ ᠮᠠᠨ ᠤ ᠬᠤᠲᠠ ᠳᠤ ᠭᠦᠨᠵᠡᠭᠡᠶᠢᠷᠡᠨ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠥᠩ ᠴᠢ ᠵᠧ ᠵᠢᠴᠢ ᠡᠯ᠎ᠡ ᠬᠠᠮᠢᠶ᠎ᠠ ᠪᠥᠬᠦᠶ ᠨᠢᠭᠡᠴᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠷ᠎ᠠ ᠪᠣᠯᠪᠠ᠃

   ᠲᠣᠭᠤᠷᠢᠨ ᠦᠵᠡᠬᠦ ᠪᠦᠯᠬᠦᠮ ᠤᠷᠢᠳ ᠬᠤᠵᠢᠳ ᠤᠮᠠᠷᠠᠲᠤ ᠶᠢᠨ ᠬᠥᠩᠭᠡᠨ ᠴᠠᠭᠠᠨ ᠤ ᠦᠢᠯᠡᠰ᠂ ᠴᠠᠬᠢᠯᠭᠠᠨ ᠤ

ᠪᠠᠯᠠ ᠣᠷᠣᠭᠤᠯᠤᠯᠲᠠ ᠶᠢᠨ ᠺᠣᠮᠫᠠᠨᠢ᠂ ᠳᠠᠬᠢᠯᠲᠠ ᠬᠥᠩᠭᠡᠨ ᠴᠠᠭᠠᠨ ᠤ ᠬᠦᠷᠢᠶᠡᠯᠡᠩ ᠲᠣᠭᠤᠷᠢᠭ᠂ ᠴᠤᠸᠠᠩ ᠶᠤᠸᠠᠨ

ᠲᠡᠮᠦᠷᠯᠢᠭ ᠵᠡᠷᠭᠡ ᠭᠠᠵᠠᠷ ᠲᠤ ᠬᠦᠷᠴᠦ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠨᠡᠪᠲᠡᠷᠡᠯᠴᠡᠨ

ᠰᠣᠯᠢᠯᠴᠠᠬᠤ᠂ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠨᠵᠢᠯᠡᠨ

ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠬᠤᠲᠠ ᠶᠢᠨ ᠠᠵᠤ ᠠᠬᠤᠶᠢᠯᠠᠯ ᠤᠨ

ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠦᠢᠯᠡᠳᠬᠦ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠲᠥᠷᠥᠯ

ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠦᠵᠡᠭᠦᠯᠦᠯᠭᠡ ᠶᠢᠨ ᠶᠠᠪᠤᠴᠠ ᠳᠤ᠂

ᠮᠠᠰᠢᠨ ᠤ ᠬᠦᠩᠭᠢᠨᠡᠮ᠎ᠡ᠂ ᠮᠠᠰᠢᠨ ᠤ ᠳᠠᠭᠤᠨ ᠨᠢᠵᠢᠭᠢᠨᠡᠵᠦ᠂ ᠭᠠᠩᠨᠠᠯᠲᠠ ᠶᠢᠨ ᠭᠡᠷᠡᠯ ᠭᠢᠯᠠᠯᠵᠠᠵᠤ᠂ ᠡᠯ᠎ᠡ ᠵᠦᠢᠯ ᠤᠨ

ᠪᠠᠷᠢᠯᠭ᠎ᠠ ᠶᠢᠨ ᠪᠠᠭᠠᠵᠢ ᠬᠡᠷᠡᠭᠰᠡᠯ ᠢ ᠵᠡᠷᠭᠡᠪᠡᠷ ᠪᠡᠯᠡᠳᠬᠡᠨ᠂ ᠨᠠᠷᠢᠨ ᠨᠢᠮᠪᠠᠢ ᠡᠭᠦᠳᠦᠭᠰᠡᠨ ᠬᠥᠩᠭᠡᠨᠴᠠᠭᠠᠨ ᠤ

ᠪᠦᠲᠦᠭᠡᠭᠳᠡᠬᠦᠨ᠂ ᠨᠢᠭᠡ ᠨᠢᠭᠡ ᠠᠯᠬᠤᠮ ᠢᠶᠠᠷ ᠡᠷᠴᠢᠮᠲᠡᠢ ᠦᠢᠯᠡᠳᠪᠦᠷᠢᠯᠡᠯ ᠤᠨ ᠱᠤᠭᠤᠮ ᠢ ᠨᠡᠭᠡᠭᠡᠵᠦ᠂ ᠭᠠᠵᠠᠷ

ᠪᠣᠯᠭᠠᠨ ᠳᠤ ᠬᠦᠷ ᠬᠥᠭᠵᠢᠶᠡᠨ ᠲᠠᠢ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠦᠵᠡᠭᠦᠯᠦᠯᠭᠡ ᠶᠢᠨ ᠪᠦᠯᠬᠦᠮ ᠤᠨ

ᠭᠡᠰᠢᠭᠦᠳ ᠢ ᠶᠡᠬᠡᠳᠡ ᠳᠣᠭᠳᠣᠯᠤᠭᠤᠯᠪᠠ᠃

   ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠪᠣᠯ

2024 ᠣᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠥᠩᠭᠡᠨ ᠴᠠᠭᠠᠨ ᠤ ᠠᠵᠤ

ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂

ᠡᠨᠡ ᠨᠢ ᠠᠵᠤ ᠠᠬᠤᠶᠢᠯᠠᠯᠲᠠᠨ᠂ ᠡᠷᠳᠡᠮᠲᠡᠳ ᠠᠴᠠ ᠮᠠᠨ ᠤ ᠬᠤᠲᠠ ᠶᠢᠨ ᠳᠠᠪᠠᠭᠤᠯᠢᠭ ᠪᠠᠯᠠ ᠣᠷᠣᠭᠤᠯᠤᠯᠲᠠ ᠶᠢᠨ

ᠳᠠᠪᠠᠭᠤᠯᠢᠭ ᠪᠠ ᠭᠤᠶᠣ ᠰᠠᠶᠢᠬᠠᠨ ᠣᠷᠴᠢᠨ ᠲᠣᠭᠤᠷᠢᠨ ᠢ ᠭᠦᠢᠴᠡᠳ ᠳᠡᠯᠭᠡᠨ ᠦᠵᠡᠭᠦᠯᠵᠦ᠂ ᠨᠠᠩ ᠣᠯᠠᠨ ᠠᠵᠤ

ᠠᠬᠤᠶᠢᠯᠠᠯᠲᠠᠨ ᠳᠤ ᠬᠤᠤᠯᠢᠩᠭᠤᠤᠯ ᠢ ᠲᠠᠨᠢᠭᠤᠯᠵᠤ᠂ ᠲᠡᠳᠡᠨ ᠤ ᠬᠤᠤᠯᠢᠩᠭᠤᠤᠯ ᠳᠠᠬᠢ ᠪᠠᠯᠠ ᠣᠷᠣᠭᠤᠯᠤᠨ ᠦᠢᠯᠡᠰ

ᠪᠣᠰᠬᠠᠬᠤ ᠢᠲᠡᠭᠡᠯ ᠢ ᠬᠥᠭᠵᠢᠭᠡᠬᠦ ᠶᠢᠨ ᠲᠥᠯᠥᠭᠡ ᠶᠤᠮ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号