6 ᠰᠠᠷ᠎ᠠ ᠶᠢᠨ 29 ᠤ ᠡᠳᠦᠷ᠂ ᠬᠤᠣᠯᠢᠨ ᠰᠢ ᠱᠠᠨ ᠰᠢᠶᠠᠩ ᠢᠳᠡᠭᠡᠨ ᠪᠣᠯᠪᠠᠰᠣᠷᠠᠭᠤᠯᠬᠤ ᠬᠢᠵᠠᠭᠠᠷᠲᠦ | ᠬᠠᠷᠢᠭᠤᠴᠠᠯᠭᠠᠲᠦ ᠺᠣᠮᠫᠠᠨᠢ ᠠᠴᠠ ᠭᠤᠣᠯᠯᠠᠨ ᠡᠷᠬᠢᠯᠡᠭᠰᠡᠨ ᠲᠣᠮᠳᠠᠲᠦ ᠣᠯᠣᠰ ᠤᠨ ᠰᠦᠯᠵᠢᠶᠡᠨ ᠤ ᠺᠢᠨᠣ᠋ ᠲᠧᠯᠸᠢᠰ | ᠲᠣᠮᠲᠠᠲᠣ ᠣᠯᠣᠰ ᠤᠨ ᠰᠦᠯᠵᠢᠶ᠎ᠡ ᠶᠢᠨ ︽ ᠪᠤᠬᠢᠷᠳᠦᠯ ᠦᠭᠡᠢ ᠬᠦᠳᠡᠭᠡ ᠲᠣᠰᠬᠤᠨ ᠤ ᠲᠤᠮᠤ ᠲᠠᠪᠴᠠᠩ︾ | ᠬᠤᠣᠯᠢᠩᠭᠤᠣᠯ ᠬᠤᠲᠠ ᠳᠠᠬᠢ ᠣᠷᠠᠯᠢᠭ ᠤᠷᠠᠨ ᠰᠠᠶᠢᠬᠠᠨ ᠤ ᠲᠣᠭᠯᠠᠯᠲᠠ ᠵᠢᠴᠢ ︽ᠬᠤᠣᠯᠢᠨ ᠰᠢ ᠱᠠᠨ ᠰᠢᠶᠠᠩ | ᠤᠨ ᠰᠢᠯᠢᠳᠡᠭ ᠰᠣᠩᠭᠤᠯᠲᠠ︾ ᠶᠢᠨ ᠪᠦᠬᠦ ᠰᠦᠯᠵᠢᠶᠠᠨ ᠤ ᠰᠢᠭᠤᠳ ᠨᠡᠪᠳᠡᠷᠡᠭᠦᠯᠭᠡ ᠶᠢᠨ ᠲᠠᠨᠢᠯᠴᠠᠭᠤᠯᠭ᠎ᠠ ᠶᠢᠨ | ᠦᠳᠡᠰᠢᠯᠡᠭᠡ ᠬᠤᠲᠠ ᠶᠢᠨ ᠵᠠᠰᠠᠭ ᠤᠨ ᠣᠷᠳᠣᠨ ᠤ ᠠᠭᠤᠳᠠᠮ ᠲᠠᠯᠠᠪᠠᠢ ᠳᠤ ᠶᠠᠪᠣᠭᠳᠠᠪᠠ᠃ | | | | | | | | | ᠦᠳᠡᠰᠢᠯᠡᠭᠡ ᠨᠢ ︽ᠰᠡᠳᠬᠢᠯ ᠳᠠᠬᠢ ᠬᠤᠤᠯᠢᠩᠭᠤᠤᠯ︾ ᠭᠡᠬᠦ ᠳᠠᠭᠤᠤ ᠪᠥᠵᠢᠭ ᠤᠨ ᠳᠤᠮᠳᠠ ᠬᠥᠰᠢᠭᠡ ᠪᠠᠨ | ᠰᠡᠬᠦᠵᠦ᠂ ᠪᠦᠬᠦ ᠦᠳᠡᠰᠢᠯᠡᠭᠡ ᠶᠢ ︽ᠥᠨᠢᠷ ᠪᠠᠶᠠᠯᠢᠭ ᠦᠵᠡᠰᠬᠦᠯᠡᠩᠲᠦ ᠰᠠᠶᠢᠬᠠᠨ ᠭᠠᠵᠠᠷ︾᠂ ︽ᠬᠠᠶᠢᠷ᠎ᠠ | ᠰᠡᠳᠬᠢᠯᠭᠡ ᠲᠠᠢ ᠬᠠᠮᠲᠤ︾᠂ ︽ᠮᠢᠨᠦ ᠦᠨᠳᠦᠰᠦ ᠲᠠᠯ᠎ᠠ ᠨᠤᠲᠤᠭ ᠲᠤ ᠪᠠᠨ︾᠂ ︽ᠤᠷᠠᠨ ᠳᠠᠷᠬᠠᠨ ᠤ ᠵᠣᠷᠢᠭ | ᠰᠠᠨᠠᠭ᠎ᠠ ᠪᠠᠷ ᠡᠷᠡᠯᠬᠡᠭᠯᠡᠨ ᠤᠷᠤᠭᠰᠢᠯᠠᠶ᠎ᠠ︾ ᠭᠡᠬᠦ ᠲᠦᠷᠪᠡᠨ ᠪᠦᠯᠦᠭ ᠬᠤᠪᠢᠶᠠᠵᠤ᠂ ᠳᠠᠭᠤᠤ ︽ᠡᠷᠲᠡᠨ ᠤ ᠳᠠᠭᠤᠯᠠᠯ︾ | ᠂ ︽ᠬᠦᠰᠡᠯ ᠵᠡᠭᠦᠳᠦ ᠲᠠᠯ᠎ᠠ ᠨᠤᠲᠤᠭ ᠲᠤ ᠪᠤᠢ︾᠂ ᠪᠥᠵᠢᠭ ︽ᠲᠠᠯ᠎ᠠ ᠨᠤᠲᠤᠭ ᠢᠶᠠᠷ ᠳᠦᠭᠦᠷᠡᠩ︾᠂ ︽ | ᠪᠠᠭᠠᠲᠤᠷᠯᠢᠭ ᠮᠠᠭᠲᠠᠭᠠᠯ︾ ᠵᠡᠷᠭᠡ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠬᠤᠤᠯᠢᠩᠭᠤᠤᠯ ᠤᠨ ᠠᠷᠠᠳ ᠲᠦᠮᠡᠨ ᠤ | ᠣᠷᠭᠢᠯᠤᠮ᠎ᠠ ᠬᠠᠯᠠᠭᠤᠨ ᠰᠡᠳᠬᠢᠯᠭᠡ᠂ ᠢᠲᠡᠭᠡᠯ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ | ᠡᠭᠦᠨ ᠤ ᠬᠠᠮᠲᠤ᠂ ᠲᠣᠰ ᠺᠣᠮᠫᠠᠨᠢ ᠶᠢᠨ ᠨᠠᠷᠠᠲᠤ ᠲᠡᠮᠳᠡᠭᠲᠦ ᠶᠢᠨ ᠳᠦᠷᠢ ᠲᠥᠷᠬᠦ ᠪᠠ ᠰᠣᠶᠣᠯ ᠢ ᠨᠠᠩ ᠰᠠᠶᠢᠨ | ᠳᠡᠯᠭᠡᠨ ᠦᠵᠡᠭᠦᠯᠬᠦ ᠶᠢᠨ ᠲᠥᠯᠥᠭᠡ᠂ ᠦᠳᠡᠰᠢᠯᠡᠭᠡ ᠨᠢ ᠪᠠᠰᠠ ᠮᠠᠰᠢ ᠣᠯᠠᠨ ᠦᠢᠯᠡᠳᠬᠦᠨ ᠢ ᠲᠠᠨᠢᠯᠴᠠᠭᠤᠯᠵᠤ | ᠪᠠᠶᠢᠭᠠᠳ ᠪᠦᠲᠦᠭᠡᠭᠳᠡᠬᠦᠨ ᠢ ᠬᠤᠪᠢᠶᠠᠯᠴᠠᠨ ᠡᠳ᠋ᠯᠡᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠱᠠᠩᠨᠠᠯ ᠣᠯᠭᠤᠬᠤ | ᠭᠤᠭᠴᠤᠭ᠎ᠠ ᠬᠢᠵᠦ᠂ ᠣᠷᠣᠯᠴᠠᠭᠴᠢ ᠨᠢᠭᠡᠪᠦᠷᠢ ᠳᠤ ᠫᠷᠤᠭ᠍ᠷᠠᠮ ᠰᠣᠨᠢᠷᠬᠠᠭᠤᠯᠬᠤ ᠶᠢᠨ ᠬᠠᠮᠲᠤ ᠲᠤᠬᠠᠶ ᠶᠢᠨ ᠭᠠᠵᠠᠷ ᠤᠨ | ᠣᠨᠴᠠᠯᠢᠭᠲᠤ ᠨᠠᠷᠠᠲᠤ ᠲᠡᠮᠳᠡᠭᠲᠦ ᠪᠦᠲᠦᠭᠡᠭᠳᠡᠬᠦᠨ ᠢ ᠣᠶᠢᠯᠠᠭᠠᠵᠤ᠂ ᠪᠣᠬᠢᠷᠲᠤᠯ ᠥᠬᠡᠶ ᠰᠢᠯᠢᠳᠡᠭ ᠪᠦᠲᠦᠭᠡᠭᠳᠡᠬᠦᠨ ᠢ | ᠬᠡᠷᠡᠭᠯᠡᠭᠴᠢᠳ ᠤᠨ ᠡᠳᠦᠷ ᠲᠤᠲᠤᠮ ᠤᠨ ᠠᠮᠢᠳᠤᠷᠠᠯ ᠳᠤ ᠨᠠᠩ ᠰᠠᠶᠢᠨ ᠣᠷᠣᠯᠴᠠᠭᠤᠯᠬᠤ ᠳᠤ ᠬᠦᠴᠦᠨ ᠨᠡᠮᠡᠷᠢᠯᠡᠪᠡ᠃ | | | | | | | | | ᠣᠶᠢᠯᠠᠭᠠᠭᠰᠠᠨ ᠢᠶᠠᠷ᠂ ᠬᠤᠤᠯᠢᠩᠭᠤᠤᠯ ᠤᠨ ᠱᠠᠨ ᠰᠢᠶᠠᠩ ᠢᠳᠡᠭᠡᠨ ᠪᠣᠯᠪᠠᠰᠤᠷᠠᠭᠤᠯᠬᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠲᠣᠰ ᠤᠳᠠᠭᠠᠨ ᠤ ᠲᠠᠨᠢᠯᠴᠠᠭᠤᠯᠬᠤ ᠦᠳᠡᠰᠢᠯᠡᠭᠡ ᠶᠢ ᠪᠥᠬᠦ ᠰᠦᠯᠵᠢᠶ᠎ᠡ ᠪᠠᠷ ᠰᠢᠭᠤᠳ | ᠨᠡᠪᠲᠡᠷᠡᠭᠦᠯᠵᠦ᠂ ᠠᠳᠠᠯᠢ ᠪᠤᠰᠤ ᠭᠠᠵᠠᠷ ᠣᠷᠣᠨ ᠤ ᠦᠵᠡᠭᠴᠢᠳ ᠲᠤ ᠰᠢᠭᠤᠳ ᠲᠠᠪᠴᠠᠩ ᠤᠨ ᠷᠢᠳᠢ ᠰᠢᠳᠢ ᠶᠢ | ᠴᠠᠭ ᠲᠤᠬᠠᠶ ᠳᠤᠨᠢ ᠮᠡᠳᠡᠷᠡᠭᠦᠯᠪᠡ᠃ | | | |