ᠵᠢᠶᠠᠩᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠬᠤᠤᠯᠢᠩᠭᠤᠤᠯ ᠬᠤᠲᠠ ᠳᠤ ᠢᠷᠡᠵᠦ ᠰᠢᠨᠵᠢᠯᠡᠨ ᠪᠠᠶᠢᠴᠠᠭᠠᠵᠤ ᠵᠥᠪᠳᠡᠯᠴᠡᠪᠡ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠵᠢᠶᠠᠩᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ᠂ ᠥᠪᠥᠷ ᠮᠣᠩᠭᠤᠯ ᠤᠨ ᠬᠤᠳᠠᠯᠳᠤᠭᠠᠴᠢᠨ ᠤᠷᠢᠬᠤ ᠡᠯᠴᠢ᠂ ᠵᠢᠶᠠᠩᠰᠢ ᠮᠤᠵᠢ ᠶᠢᠨ ᠮᠧᠩ ᠱᠠᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠶᠦᠩ ᠯᠢᠶᠠᠩ ᠨᠠᠷ ᠮᠠᠨ ᠤ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠶᠠᠷᠢᠯᠴᠠᠬᠤ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠧᠤ ᠬᠠᠶ ᠮᠢᠨ ᠵᠢᠴᠢ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 

   ᠬᠤᠷᠠᠯ ᠳᠡᠭᠡᠷ᠎ᠡ᠂ ᠵᠢᠢ ᠬᠠᠢ ᠶᠠᠩ ᠬᠤᠤᠯᠢᠩᠭᠤᠤᠯ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ

ᠵᠡᠷᠭᠡ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠵᠤ᠂ ᠨᠡᠶᠢᠭᠡᠮᠯᠢᠭ ᠤᠨ ᠳᠠᠷᠤᠭ᠎ᠠ ᠰᠢᠤᠢ ᠶᠦᠩ ᠯᠢᠶᠠᠩ ᠲᠣᠰ

ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠶᠢ ᠲᠣᠳᠣᠷᠬᠠᠶᠢᠯᠠᠵᠤ᠂ ᠬᠤᠷᠠᠯ ᠳᠤ ᠣᠷᠣᠯᠴᠠᠭᠰᠠᠳ ᠬᠤᠳᠠᠯᠳᠤᠭᠠᠴᠢᠨ

ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠵᠤ ᠰᠣᠯᠢᠯᠴᠠᠪᠠ᠃ ᠡᠭᠦᠨ ᠤ

ᠬᠠᠮᠲᠤ᠂ ᠵᠢᠶᠠᠩᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠰᠢᠤᠢ ᠶᠦᠩ

ᠯᠢᠶᠠᠩ ᠳᠤ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠬᠤ ᠡᠯᠴᠢᠨ ᠤ

ᠤᠷᠢᠯᠭ᠎ᠠ ᠶᠢᠨ ᠪᠢᠴᠢᠭ ᠭᠠᠷᠳᠠᠭᠤᠯᠪᠠ᠃

   ᠵᠢᠢ ᠬᠠᠢ ᠶᠠᠩ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ

ᠪᠠᠶᠢᠬᠤ ᠪᠠᠨ ᠢᠯᠡᠳᠬᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠭᠠᠵᠠᠷ ᠣᠷᠣᠨ ᠤ ᠠᠵᠤ

ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠬᠡᠷᠡᠭᠴᠡᠭᠡ᠂ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠭᠦᠨᠵᠡᠭᠡᠢ

ᠡᠮᠬᠢᠯᠡᠵᠦ᠂ ᠰᠠᠨᠠᠭᠠᠴᠢᠯᠠᠭ᠎ᠠ ᠠᠴᠠ ᠪᠠᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ᠂ ᠴᠢᠳᠠᠪᠤᠷᠢᠲᠠᠨ ᠡᠯᠰᠡᠬᠦ᠂

ᠱᠠᠩᠨᠠᠯ ᠤᠨ ᠰᠤᠷᠤᠯᠭ᠎ᠠ ᠶᠢᠨ ᠲᠡᠳᠬᠦᠮᠵᠢ ᠶᠢᠨ ᠵᠡᠷᠭᠡ ᠲᠠᠯ᠎ᠠ ᠪᠠᠷ ᠬᠠᠮᠲᠤᠷᠠᠯᠴᠠᠭ᠎ᠠ ᠵᠣᠯᠭᠠᠯᠴᠠᠭ᠎ᠠ ᠪᠠᠨ

ᠴᠢᠩᠭᠠᠳᠬᠠᠵᠤ᠂ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ᠤᠨ ᠬᠤᠭᠤᠷᠣᠨᠳᠣᠬᠢ ︽ᠬᠤᠯᠪᠣᠭᠠᠴᠢᠨ

︾ ᠢ ᠰᠠᠶᠢᠲᠤᠷ ᠬᠢᠵᠦ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ

ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠶᠠᠷ ᠭᠠᠵᠠᠷ ᠤᠨ ᠬᠤᠳᠠᠯᠳᠤᠭᠠᠴᠢᠳ ᠤᠨ ᠡᠪᠯᠡᠯ᠂ ᠠᠵᠤ

ᠠᠬᠤᠶᠢᠯᠠᠯ ᠤᠨ ᠳᠠᠪᠠᠭᠤᠯᠢᠭ ᠢ ᠭᠦᠢᠴᠡᠳ ᠠᠭᠤᠰᠤᠯᠴᠠᠭᠤᠯᠵᠤ᠂ ᠬᠤᠶᠠᠷ ᠭᠠᠵᠠᠷ ᠤᠨ ᠠᠵᠤ ᠠᠬᠤᠶᠢᠯᠠᠯ ᠤᠨ

ᠬᠤᠭᠤᠷᠣᠨᠳᠣᠬᠢ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠠᠵᠤ ᠠᠬᠤᠶᠢᠯᠠᠯ᠂ ᠵᠠᠬ᠎ᠠ ᠳᠡᠯᠭᠡᠭᠦᠷ ᠤᠨ

ᠬᠦᠴᠦᠨ ᠢ ᠪᠠᠳᠠᠷᠠᠭᠤᠯᠵᠤ᠂ ᠵᠢᠶᠠᠩᠰᠢ ᠮᠤᠵᠢ ᠶᠢᠨ ᠭᠤᠣᠯᠳᠠᠯᠭ᠎ᠠ ᠲᠠᠢ ᠬᠤᠲᠠ ᠰᠢᠶᠠᠨ ᠲᠠᠢ ᠨᠡᠩ ᠨᠢᠭᠲᠠ

ᠬᠠᠷᠢᠯᠴᠠᠭ᠎ᠠ ᠪᠠᠶᠢᠭᠤᠯᠵᠤ᠂ ᠬᠠᠮᠲᠤᠷᠠᠯᠴᠠᠭᠠᠨ ᠤ ᠰᠢᠨ᠎ᠡ ᠠᠵᠠ ᠲᠣᠬᠢᠶᠠᠯ ᠢ ᠬᠠᠮᠲᠤ ᠪᠠᠷ ᠰᠦᠪᠡᠭᠴᠢᠯᠡᠵᠦ᠂ ᠬᠤᠶᠠᠷ

ᠲᠠᠯ᠎ᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ

ᠬᠦᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠬᠤᠳᠠᠯᠳᠤᠭᠠᠴᠢᠳ ᠤᠨ ᠡᠪᠯᠡᠯ ᠬᠥᠭᠦᠷᠭᠡ

ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠩ ᠢᠳᠡᠪᠬᠢᠲᠡᠢ ᠣᠪᠣᠷ ᠪᠠᠶᠢᠳᠠᠯ᠂ ᠨᠡᠩ

ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠬᠤᠶᠠᠷ ᠭᠠᠵᠠᠷ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠳᠤ

ᠣᠷᠣᠯᠴᠠᠵᠤ᠂ ᠨᠡᠩ ᠤᠯᠠᠨ ᠭᠠᠵᠠᠷ ᠣᠷᠣᠨ ᠳᠤ ᠬᠤᠤᠯᠢᠩᠭᠤᠤᠯ ᠢ ᠤᠬᠠᠭᠤᠯᠵᠤ᠂ ᠬᠤᠤᠯᠢᠩᠭᠤᠤᠯ ᠢ

ᠲᠠᠨᠢᠯᠴᠠᠭᠤᠯᠵᠤ᠂ ᠰᠢᠯᠢᠳᠡᠭ ᠲᠦᠷᠦᠯ ᠵᠦᠢᠯ ᠪᠣᠯᠤᠨ ᠴᠢᠳᠠᠪᠤᠷᠢᠲᠠᠨ ᠢ ᠲᠠᠨᠢᠯᠴᠠᠭᠤᠯᠵᠤ ᠮᠠᠨ ᠤ ᠬᠤᠳᠠ ᠳᠤ

ᠬᠤᠷᠠᠮᠳᠤᠭᠤᠯᠵᠤ᠂ ᠲᠤᠰ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ

ᠬᠥᠳᠡᠯᠭᠡᠬᠦ ᠬᠦᠴᠦᠨ᠂ ᠨᠡᠩ ᠤᠯᠠᠨ ᠠᠮᠢᠵᠢᠷᠠᠯ ᠤᠨ ᠬᠦᠴᠦᠨ ᠬᠠᠩᠭᠠᠬᠤ ᠶᠢ ᠬᠦᠰᠡᠵᠦ ᠪᠠᠶᠢᠨ᠎ᠠ ᠭᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号