ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 11 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 11 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠳᠠᠷᠤᠭ᠎ᠠ ᠰᠢᠨ ᠰᠢᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠤᠨ ᠰᠠᠯᠠᠭᠠᠨ ᠤ ᠬᠠᠷᠢᠭᠤᠴᠠᠯᠭᠠᠲᠠᠨ ᠸᠠᠩ ᠢ ᠹᠸᠢ ᠤᠷᠢᠯᠭ᠎ᠠ ᠪᠠᠷ ᠬᠤᠷᠠᠯ ᠳᠤ ᠣᠷᠣᠯᠴᠠᠵᠤ ᠰᠤᠯᠠ ᠣᠷᠣᠯᠴᠠᠨ ᠵᠢᠯᠣᠭᠤᠳᠴᠤ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃

   ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ᠂ ︽ᠥᠭᠡᠷᠡᠴᠢᠯᠡᠯᠲᠡ ᠶᠢ ᠤᠯᠠᠮ ᠨᠢᠭᠡ

ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ

ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ᠶᠡᠷᠦᠩᠬᠡᠢ

ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ︽

ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠤᠯᠠᠮᠵᠢᠯᠠᠨ

ᠰᠤᠷᠤᠯᠴᠠᠪᠠ᠃ ᠳᠠᠷᠠᠭ᠎ᠠ ᠨᠢ᠂ ᠬᠤᠲᠠ ᠶᠢᠨ ᠤᠳᠤᠷᠢᠳᠤᠯᠭ᠎ᠠ ᠲᠠᠨ᠎ᠠ᠂ ᠸᠠᠩ ᠮᠢᠶᠣᠣ᠂ ᠯᠢ ᠵᠢᠶᠠᠨ ᠾᠦᠢ᠂ ᠰᠢᠤᠢ

ᠸᠧᠨ ᠵᠢᠶᠧ ︽ᠦᠨᠡᠨᠴᠢ ᠢᠲᠡᠭᠡᠮᠵᠢᠲᠡᠶ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ

ᠠᠬᠢᠭᠤᠯᠬᠤ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃

   ᠰᠢᠨ ᠰᠢᠨ ᠲᠣᠰ ᠤᠳᠠᠭᠠᠨ ᠤ ᠰᠤᠷᠤᠯᠴᠠᠵᠤ ᠰᠤᠳᠤᠯᠤᠨ ᠶᠠᠷᠢᠯᠴᠠᠭᠰᠠᠨ ᠪᠠᠶᠢᠳᠠᠯ ᠢ ᠭᠦᠢᠴᠡᠳ

ᠨᠤᠲᠠᠯᠠᠬᠤ ᠶᠢᠨ ᠬᠠᠮᠲᠤ ᠭᠤᠤᠯ ᠳᠤᠭᠤᠶᠢᠯᠠᠩ ᠤᠨ ᠲᠠᠷᠠᠭᠠᠴᠢ ᠶᠢᠨ ᠠᠯᠬᠤᠮ ᠤᠨ ᠰᠤᠷᠤᠯᠴᠠᠬᠤ ᠠᠵᠢᠯ ᠳᠤ

ᠰᠠᠨᠠᠭᠤᠯᠭ᠎ᠠ ᠳᠤᠷᠠᠳᠪᠠ᠃ ᠲᠡᠷᠡ᠂ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠵᠢᠱᠢᠶ᠎ᠡ ᠦᠵᠡᠭᠦᠯᠬᠦ

ᠦᠢᠯᠡᠳᠦᠯ ᠢ ᠪᠠᠳᠠᠷᠠᠭᠤᠯᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ ᠴᠢᠨᠠᠷ ᠢ ᠲᠠᠰᠤᠷᠠᠯᠲᠠ ᠦᠭᠡᠢ

ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠤᠨ

ᠵᠠᠩᠭᠢᠯᠠᠭ᠎ᠠ ᠶᠢ ᠵᠠᠳᠠᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠬᠤ ᠶᠢᠨ ᠬᠠᠮᠲᠤ᠂

ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠨᠠᠮ ᠤᠨ

ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ

ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ

ᠳᠡᠭᠡᠭᠰᠢᠯᠡᠭᠦᠯᠬᠦ ᠬᠡᠷᠡᠭᠲᠡᠢ ᠭᠡᠵᠠᠢ᠃

   ᠭᠤᠤ ᠵᠢᠢ ᠶᠧ ᠲᠦᠩᠯᠢᠶᠣᠤ ᠬᠤᠳᠠ ᠶᠢᠨ ᠲᠣᠭᠤᠷᠢᠨ ᠰᠣᠨᠣᠰᠴᠤ ᠰᠤᠯᠠ ᠰᠣᠨᠣᠰᠬᠤ ᠳᠤᠭᠤᠶᠢᠯᠠᠩ ᠤᠨ

ᠨᠠᠷᠢᠨ ᠨᠢᠮᠪᠠᠢ ᠵᠢᠯᠤᠭᠤᠳᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠨᠠᠮ ᠤᠨ ᠬᠤᠷᠢᠳᠤᠭᠠᠷ

ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠤᠱᠯᠠᠭᠤᠯᠬᠤ ᠶᠢ ᠭᠦᠨᠵᠡᠭᠡᠶᠢᠷᠡᠭᠦᠯᠵᠦ᠂ ᠵᠣᠷᠢᠭ ᠰᠠᠨᠠᠭ᠎ᠠ ᠶᠢ ᠣᠨᠣᠪᠴᠢᠲᠠᠢ ᠡᠵᠡᠮᠳᠡᠵᠦ᠂ ᠬᠥᠭᠵᠢᠶᠡᠨᠲᠡᠢ ᠠᠭᠤᠷ

ᠠᠮᠢᠰᠬᠤᠯ ᠢ ᠪᠤᠢ ᠪᠣᠯᠭᠠᠵᠤ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠥᠷᠭᠡᠨ

ᠭᠦᠨᠵᠡᠭᠡᠢ ᠰᠤᠷᠤᠯᠴᠠᠬᠤ ᠶᠢ ᠠᠬᠢᠭᠤᠯᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ

ᠬᠢᠵᠦ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠥᠭᠡᠷᠡᠴᠢᠯᠡᠯᠲᠡ ᠶᠢ ᠤᠯᠠᠮ

ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠵᠤ ᠦᠢᠯᠡᠰ ᠤᠨ ᠣᠨᠴᠠᠯᠢᠭ ᠢ ᠦᠨᠳᠦᠰᠦᠯᠡᠨ᠂

ᠤᠷᠢᠳᠴᠢᠯᠠᠨ ᠲᠥᠰᠦᠪᠯᠡᠬᠦ ᠶᠢ ᠰᠠᠶᠢᠲᠤᠷ ᠬᠢᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ

ᠬᠥᠭᠵᠢᠭᠦᠯᠬᠦ ᠪᠠᠷ ᠠᠷᠭ᠎ᠠ ᠵᠠᠮ ᠪᠣᠯᠭᠠᠨ ᠰᠢᠨ᠎ᠡ ᠵᠠᠮ ᠢᠶᠠᠷ ᠵᠠᠮᠨᠠᠵᠤ᠂ ᠰᠢᠨ᠎ᠡ ᠬᠠᠭᠤᠳᠠᠰᠤ ᠶᠢ ᠨᠡᠭᠡᠭᠡᠬᠦ ᠬᠡᠷᠡᠭᠲᠡᠶ᠃

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ

ᠲᠠᠰᠤᠷᠠᠯᠲᠠ ᠦᠭᠡᠢ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ

ᠴᠢᠩᠭᠠᠳᠬᠠᠵᠤ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠪᠠᠷ ᠶᠠᠰᠤ

ᠴᠢᠨᠠᠷ ᠤᠨ ᠬᠤᠪᠢᠰᠤᠯᠲᠠ ᠶᠢ ᠠᠬᠢᠭᠤᠯᠬᠤ ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠦᠨᠡᠨᠴᠢ ᠢᠲᠡᠭᠡᠮᠵᠢ ᠶᠢᠨ

ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠮᠢᠨ ᠰᠤᠳᠠᠰᠤ ᠲᠠᠢ

ᠠᠭᠤᠰᠤᠯᠴᠠᠭᠤᠯᠵᠤ᠂ ᠨᠠᠮ ᠵᠠᠰᠠᠭ ᠲᠦᠷᠦᠭᠦᠯᠡᠬᠦ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂

ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ

ᠨᠡᠶᠢᠲᠡ ᠶᠢᠨ ᠢᠲᠡᠭᠡᠮᠵᠢ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠵᠤ ᠠᠬᠤᠶᠢᠯᠠᠯ ᠤᠨ ᠠᠵᠢᠯᠯᠠᠭ᠎ᠠ ᠶᠢ

ᠵᠢᠷᠤᠮᠵᠢᠭᠤᠯᠵᠤ᠂ ᠨᠡᠶᠢᠭᠡᠮ ᠤᠨ ᠠᠵᠢᠯᠯᠠᠭ᠎ᠠ ᠶᠢ ᠬᠦᠳᠦᠯᠦᠨ ᠵᠢᠯᠣᠭᠤᠳᠴᠤ᠂ ᠨᠡᠶᠢᠭᠡᠮ ᠤᠨ ᠬᠢᠨᠠᠯᠲᠠ ᠶᠢ

ᠢᠳᠡᠪᠬᠢᠲᠡᠢ ᠬᠦᠯᠢᠶᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ

ᠣᠯᠭᠤᠬᠤ ᠬᠡᠷᠡᠭᠲᠡᠢ ᠬᠡᠵᠡᠢ᠃

   ᠬᠤᠷᠠᠯ ᠠᠴᠠ ᠪᠠᠰᠠ ᠪᠤᠰᠤᠳ ᠠᠭᠤᠯᠭ᠎ᠠ ᠶᠢ ᠥᠪᠡᠷᠲᠡᠭᠡᠨ ᠰᠤᠷᠤᠯᠴᠠᠭᠤᠯᠬᠤ ᠪᠠᠷ ᠲᠤᠬᠢᠷᠠᠭᠤᠯᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号