ᠬᠤᠤᠯᠢᠩᠭᠤᠤᠯ ᠬᠤᠳᠠ ᠶᠢᠨ ᠵᠠᠰᠠᠭ ᠤᠨ ᠣᠷᠳᠣᠨ ᠤ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠵᠧᠤ ᠬᠠᠶ ᠮᠢᠨ᠂ ᠯᠢᠦ ᠽᠧᠩ ᠰᠢ᠂ ᠸᠠᠩ ᠵᠢᠶᠦ᠋ᠨ ᠭᠦᠸᠧ᠂ ᠰᠢᠤᠢ ᠸᠧᠨ ᠵᠢᠶᠧ᠂ ᠰᠥᠩ ᠴᠢ ᠵᠧ᠂ ᠰᠦᠨ ᠸᠧᠶ ᠨᠠᠨ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ︽ᠬᠤᠤᠯᠢᠩᠭᠤᠤᠯ ᠬᠤᠲᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠵᠢᠴᠢ

ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠲᠣᠭᠲᠠᠴᠠ︾᠂ ︽

ᠬᠤᠤᠯᠢᠩᠭᠤᠤᠯ ᠬᠤᠲᠠ ᠶᠢᠨ ᠪᠣᠷᠣᠬᠤᠵᠢᠷ ᠣᠭᠲᠣᠯᠤᠭᠠᠰᠤ ᠳᠠᠬᠢ 2024 ᠣᠨ ᠤ ᠤᠰᠤᠨ ᠤ ᠴᠢᠨᠠᠷ ᠢ

ᠳᠡᠭᠡᠭᠰᠢᠯᠡᠭᠦᠯᠬᠦ ᠠᠵᠢᠯ ᠤᠨ ᠲᠥᠰᠦᠯ︾᠂ ︽2024 ᠣᠨ ᠤ ᠳᠣᠤᠷ᠎ᠠ ᠬᠠᠭᠠᠰ ᠵᠢᠯ ᠤᠨ ᠪᠥᠬᠦ ᠬᠤᠲᠠ ᠶᠢᠨ

ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠠᠵᠢᠯ ᠤᠨ ᠲᠥᠰᠦᠯ︾᠂ ᠪᠥᠬᠦ ᠬᠤᠲᠠ ᠶᠢᠨ

ᠬᠤᠲᠠ ᠶᠢᠨ ᠲᠣᠭᠤᠷᠢᠭ ᠲᠤ ᠵᠠᠮ ᠬᠠᠷᠢᠯᠴᠠᠭᠠᠨ ᠤ ᠲᠡᠮᠳᠡᠭ ᠱᠤᠭᠤᠮ ᠪᠠ ᠣᠯᠠᠨ ᠨᠡᠶᠢᠲᠡ ᠶᠢᠨ ᠲᠡᠷᠭᠡᠨ

ᠵᠣᠭᠰᠣᠭᠠᠯ ᠢ ᠵᠠᠭᠠᠭᠯᠠᠨ ᠲᠣᠭᠲᠠᠭᠠᠬᠤ ᠠᠵᠢᠯ ᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ

ᠬᠠᠷᠢᠯᠴᠠᠭᠠᠨ ᠤ ᠶᠡᠭᠡ ᠠᠩᠭᠢ ᠳᠤ ᠨᠢᠭᠡᠳᠦᠯᠲᠡᠶ ᠬᠤᠪᠢᠶᠠᠷᠢᠯᠠᠨ ᠥᠭᠬᠦ ᠵᠡᠷᠭᠡ ᠵᠥᠪᠯᠡᠯᠭᠡ ᠶᠢᠨ ᠠᠭᠤᠯᠭ᠎ᠠ ᠶᠢ

ᠰᠤᠳᠤᠯᠤᠨ ᠬᠢᠨᠠᠨ ᠵᠥᠪᠯᠡᠪᠡ᠃

   ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠡᠯ᠎ᠡ ᠲᠦᠷᠦᠭᠦᠯᠡᠬᠦ ᠨᠢᠭᠡᠴᠡ ᠨᠢᠭᠡᠳᠦᠯᠲᠡᠶ ᠲᠥᠯᠥᠪᠯᠡᠨ

ᠵᠣᠬᠢᠴᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂

ᠲᠣᠨᠤᠭ ᠲᠥᠬᠦᠭᠡᠷᠦᠮᠵᠢ ᠪᠠᠨ ᠰᠢᠨᠡᠳᠬᠡᠬᠦ᠂ ᠤᠰᠤᠨ ᠤ ᠴᠢᠨᠠᠷ ᠢᠶᠠᠨ ᠳᠡᠭᠡᠭᠰᠢᠯᠡᠭᠦᠯᠬᠦ ᠵᠡᠷᠭᠡ ᠠᠵᠢᠯ ᠤᠨ

ᠲᠥᠰᠦᠯ ᠤᠨ ᠠᠭᠤᠯᠭ᠎ᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶ ᠶᠢᠨ ᠠᠵᠢᠯᠯᠠᠭᠠᠨ᠂

ᠵᠠᠮ ᠤᠨ ᠠᠮᠤᠷ ᠲᠦᠪᠰᠢᠨ ᠵᠡᠷᠭᠡ ᠲᠠᠯ᠎ᠠ ᠪᠠᠷ ᠵᠠᠳᠠᠯᠤᠨ ᠲᠣᠬᠢᠷᠠᠭᠤᠯᠬᠤ ᠪᠠᠨ ᠴᠢᠩᠭᠠᠳᠬᠠᠨ᠂ ᠭᠤᠤᠯᠳᠠᠯᠭ᠎ᠠ ᠲᠠᠢ

ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ

ᠴᠢᠬᠤᠯᠠᠴᠢᠯᠠᠨ᠂ ᠡᠯ᠎ᠡ ᠵᠦᠢᠯ ᠤᠨ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ

ᠭᠡᠵᠡᠶ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠵᠦ᠂ ᠲᠥᠰᠦᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠳᠤ ᠢᠳᠡᠪᠬᠢᠲᠡᠶ ᠬᠠᠮᠵᠢᠯᠴᠠᠨ᠂ ᠠᠵᠢᠯ ᠤᠨ

ᠬᠤᠪᠢᠶᠠᠷᠢᠯᠠᠯ ᠢ ᠴᠢᠩᠭ᠎ᠠ ᠵᠢᠷᠤᠮᠯᠠᠨ᠂ ᠡᠭᠦᠷᠭᠡᠯᠡᠵᠦ ᠪᠠᠶᠢᠭ᠎ᠠ ᠭᠤᠤᠯᠳᠠᠯᠭ᠎ᠠ ᠲᠠᠢ ᠡᠭᠦᠷᠭᠡ ᠳᠤ ᠪᠥᠬᠦ ᠶᠠᠪᠤᠴᠠ ᠪᠠᠷ

ᠬᠠᠮᠢᠶᠠᠷᠤᠨ ᠡᠵᠡᠮᠳᠡᠬᠦ᠂ ᠡᠬᠡ ᠲᠠᠩᠰᠠᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠨᠠᠶᠢᠳᠠᠪᠤᠷᠢᠵᠢᠭᠤᠯᠤᠭᠰᠠᠨ

ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ᠂ ᠵᠥᠪᠯᠡᠯᠭᠡ ᠶᠢᠨ ᠬᠠᠷᠠᠯᠲᠠᠲᠤ ᠡᠭᠦᠷᠭᠡ ᠶᠢ

ᠡᠮᠬᠢ ᠵᠢᠷᠤᠮ ᠲᠠᠢ ᠪᠠᠷ ᠪᠡᠶᠡᠯᠡᠭᠦᠯᠬᠦ ᠬᠡᠷᠡᠭᠲᠡᠶ᠃ ᠡᠯ᠎ᠡ ᠬᠢᠨᠠᠨ ᠵᠢᠯᠣᠭᠤᠳᠬᠤ ᠨᠢᠭᠡᠴᠡ ᠡᠯ᠎ᠡ ᠵᠦᠢᠯ ᠤᠨ ᠠᠵᠢᠯ ᠤᠨ

ᠬᠤᠪᠢᠶᠠᠷᠢᠯᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠶᠠᠪᠤᠴᠠ ᠳᠤ ᠮᠥᠷᠳᠡᠨ ᠳᠠᠭᠠᠵᠤ ᠦᠷ᠎ᠡ ᠪᠦᠲᠦᠮᠵᠢ ᠶᠢ

ᠠᠰᠠᠭᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠠᠩᠰᠠ ᠬᠠᠷᠭᠤᠭᠤᠯᠵᠤ ᠰᠢᠮᠳᠠᠭᠤᠯᠤᠨ ᠭᠦᠢᠴᠡᠳᠬᠡᠵᠦ᠂

ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ᠂ ᠲᠤᠰᠬᠠᠶ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ

ᠥᠷᠨᠢᠭᠦᠯᠬᠦ ᠲᠠᠢ ᠤᠶᠠᠯᠳᠤᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠢᠲᠡᠭᠦᠦ ᠴᠠᠭᠠᠷᠢᠭ ᠢ

ᠪᠦᠷᠢᠯᠳᠦᠭᠦᠯᠵᠦ᠂ ᠣᠯᠠᠨ ᠲᠠᠯ᠎ᠠ ᠶᠢᠨ ᠨᠡᠶᠢᠯᠡᠮᠡᠯ ᠬᠦᠴᠦᠨ ᠢᠶᠠᠷ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ

ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号