ᠪᠠᠢ ᠬᠤᠸᠠ ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/7/3
    7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠶ ᠬᠤᠸᠠ ᠨᠠᠷ ᠮᠠᠨ ᠤ ᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠭᠦᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠲᠡᠳᠡᠨ ᠳᠤ ᠴᠢᠩ ᠰᠡᠳᠬᠢᠯ ᠤᠨ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃

   ᠠᠬᠠᠮᠠᠳ ᠨᠠᠮ ᠤᠨ ᠭᠡᠰᠢᠭᠦᠨ ᠳ᠋ᠢᠶᠣᠣ ᠱᠦ ᠴᠢᠩ ᠤᠨ ᠭᠡᠷ ᠲᠤ ᠪᠠᠢ ᠬᠤᠸᠠ᠂ ᠨᠠᠰᠤᠲᠠᠨ ᠲᠠᠢ ᠰᠡᠳᠬᠢᠯ ᠤᠨ

ᠦᠭᠡ ᠪᠠᠨ ᠶᠠᠷᠢᠯᠴᠠᠵᠤ᠂ ᠨᠠᠰᠤᠲᠠᠨ ᠤ ᠭᠡᠷ ᠪᠦᠯᠢ ᠶᠢᠨ ᠪᠠᠶᠢᠳᠠᠯ ᠪᠣᠯᠣᠨ ᠪᠡᠶ᠎ᠡ ᠮᠠᠬᠠᠪᠤᠳ ᠤᠨ ᠡᠷᠡᠭᠦᠯ

ᠴᠢᠭᠢᠷᠠᠭ ᠤᠨ ᠪᠠᠶᠢᠳᠠᠯ ᠢ ᠨᠠᠷᠢᠨ ᠠᠰᠠᠭᠤᠵᠤ᠂ ᠲᠡᠭᠦᠨ ᠢ ᠠᠮᠢᠳᠤᠷᠠᠯ ᠤᠨ ᠢᠲᠡᠭᠡᠯ ᠵᠣᠷᠢᠭ ᠢᠶᠠᠨ ᠪᠠᠲᠤᠳᠬᠠᠵᠤ᠂

ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢᠶᠠᠨ ᠪᠠᠲᠤᠯᠠᠬᠤ ᠶᠢ ᠵᠣᠷᠢᠭᠵᠢᠭᠤᠯᠪᠠ᠃ ᠪᠠᠶ ᠬᠤᠸᠠ᠂ ᠠᠬᠠᠮᠠᠳ

ᠨᠠᠮ ᠤᠨ ᠭᠡᠰᠢᠭᠦᠨ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ

ᠦᠵᠡᠭᠦᠯᠵᠡᠶ᠂ ᠡᠨᠡ ᠪᠣᠯ ᠮᠠᠨ ᠤ ᠪᠣᠶ ᠪᠦᠬᠦᠢ ᠨᠠᠮ ᠤᠨ ᠭᠡᠰᠢᠭᠦᠨ ᠤ ᠰᠤᠷᠤᠯᠴᠠᠬᠤ ᠦᠯᠢᠭᠡᠷ ᠳᠠᠭᠤᠷᠢᠶᠠᠯ ᠪᠣᠯᠤᠨ᠎ᠠ᠃

ᠬᠤᠯᠪᠣᠭᠳᠠᠯ ᠪᠦᠬᠦᠢ ᠨᠢᠭᠡᠴᠡ ᠶᠢᠨ ᠬᠢᠨ ᠦᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠵᠦ᠂ ᠰᠡᠳᠬᠢᠯ

ᠲᠠᠯᠪᠢᠨ ᠰᠡᠳᠬᠢᠯᠭᠡ ᠪᠠᠷ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠠᠬᠠᠮᠠᠳ ᠨᠠᠮ ᠤᠨ ᠭᠡᠰᠢᠭᠦᠨ ᠢ

ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠵᠦ᠂ ᠠᠵᠢᠯᠴᠢ ᠬᠢᠴᠢᠶᠡᠩᠭᠦᠢ ᠪᠠᠷ ᠡᠷᠬᠢᠨ ᠦᠵᠡᠵᠦ᠂ ᠦᠷᠭᠦᠯᠵᠢ

ᠡᠷᠬᠢᠨ ᠦᠵᠡᠵᠦ᠂ ᠠᠬᠠᠮᠠᠳ ᠨᠠᠮ ᠤᠨ ᠭᠡᠰᠢᠭᠦᠨ ᠤ ᠪᠣᠳᠠᠲᠠᠢ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠴᠢᠳᠠᠯ ᠤᠨ

ᠬᠢᠷᠢ ᠪᠠᠷ ᠢᠶᠠᠨ ᠲᠡᠳᠡᠨ ᠢ ᠬᠠᠪᠰᠤᠷᠤᠨ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂

ᠲᠡᠳᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠵᠣᠯ ᠵᠢᠷᠭᠠᠯᠲᠤ ᠠᠮᠢᠳᠤᠷᠠᠯ ᠢ

ᠡᠳ᠋ᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠪᠠᠰᠠ ᠠᠬᠠᠮᠠᠳ ᠨᠠᠮ ᠤᠨ ᠭᠡᠰᠢᠭᠦᠨ᠂ ᠠᠬᠠᠮᠠᠳ ᠨᠥᠬᠦᠳ

ᠪᠡᠶ᠎ᠡ ᠪᠠᠨ ᠭᠠᠮᠨᠠᠵᠤ᠂ ᠦᠷᠭᠦᠯᠵᠢᠯᠡᠨ ᠨᠠᠮ ᠤᠨ ᠭᠡᠰᠢᠭᠦᠨ ᠤ ᠤᠤᠷ ᠴᠢᠨᠠᠷ ᠢᠶᠠᠨ ᠪᠠᠲᠤᠯᠠᠵᠤ᠂ ᠤᠭ ᠰᠠᠨᠠᠭ᠎ᠠ ᠪᠠᠨ

ᠦᠯᠦ ᠮᠠᠷᠲᠠᠵᠤ᠂  ᠦᠯᠡᠮᠵᠢ ᠬᠠᠶᠢᠷ᠎ᠠ ᠪᠠᠨ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ

ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号