ᠬᠤᠤᠯᠢᠩᠭᠤᠤᠯ ᠬᠤᠲᠠ ᠰᠣᠶᠣᠯ ᠵᠢᠭᠤᠯᠴᠢᠯᠠᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
   7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠵᠢᠶᠦ᠋ᠨ ᠭᠦᠸᠧ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ᠬᠤᠯᠪᠣᠭᠳᠠᠯ ᠪᠦᠬᠦᠢ ᠰᠣᠶᠣᠯ ᠵᠤᠭᠠᠴᠠᠯ ᠤᠨ ᠠᠵᠢᠯ ᠤᠨ ᠠᠬᠢᠴᠠ ᠶᠢᠨ ᠪᠠᠶᠢᠳᠠᠯ ᠵᠢᠴᠢ

ᠭᠤᠣᠯᠳᠠᠯᠭ᠎ᠠ ᠲᠠᠢ ᠰᠣᠶᠣᠯ ᠵᠤᠭᠠᠴᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ

ᠬᠠᠷᠢᠭᠤ ᠮᠡᠳᠡᠭᠦᠯᠦᠯᠲᠡ ᠶᠢ ᠰᠣᠨᠣᠰᠴᠤ᠂ ᠸᠠᠩ ᠵᠢᠶᠦ᠋ᠨ ᠭᠦᠸᠧ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ

ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃

   ᠵᠢᠢ ᠬᠠᠶ ᠶᠠᠩ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠬᠠᠷᠢᠭᠤᠴᠠᠯᠭ᠎ᠠ ᠪᠠᠨ ᠴᠢᠩᠭ᠎ᠠ

ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂

ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ

ᠲᠥᠪᠯᠡᠷᠡᠭᠦᠯᠵᠦ᠂ ᠡᠷᠲᠡᠬᠡᠨ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠪᠦᠬᠦᠯᠢ ᠴᠣᠭᠴᠠ ᠶᠢᠨ

ᠠᠵᠢᠯ ᠤᠨ ᠨᠡᠶᠢᠯᠡᠮᠡᠯ ᠬᠦᠴᠦᠨ ᠢ ᠦᠨᠡᠨ ᠬᠦ ᠪᠣᠶ ᠪᠣᠯᠭᠠᠬᠤ ᠬᠡᠷᠡᠭᠲᠡᠶ᠃ ᠤᠬᠠᠭᠠᠯᠠᠨ ᠰᠡᠳᠦᠬᠦ ᠴᠢᠳᠠᠪᠤᠷᠢ ᠪᠠᠨ

ᠳᠡᠭᠡᠭᠰᠢᠯᠡᠭᠦᠯᠵᠦ᠂ ᠨᠡᠩ ᠤᠯᠠᠨ ᠥᠪᠡᠷᠮᠢᠴᠡ ᠣᠨᠴᠠᠯᠢᠭ ᠲᠠᠢ᠂  ᠦᠷᠬᠦᠯᠵᠢ ᠶᠢᠨ ᠴᠢᠨᠠᠷᠲᠠᠢ ᠵᠤᠭᠠᠴᠠᠯ ᠤᠨ

ᠲᠦᠷᠦᠯ ᠵᠦᠢᠯ᠂ ᠵᠤᠭᠠᠴᠠᠯ ᠤᠨ ᠠᠬᠤᠢ ᠪᠠᠶᠢᠳᠠᠯ ᠢ ᠭᠠᠷᠭᠠᠵᠤ᠂ ᠵᠤᠭᠠᠴᠠᠭᠰᠠᠳ ᠤᠨ ᠤᠯᠠᠨ ᠶᠠᠩᠵᠤ ᠶᠢᠨ

ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠬᠢᠷᠢ ᠲᠦᠪᠰᠢᠨ

ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠵᠤᠭᠠᠴᠠᠯ ᠤᠨ ᠲᠠᠲᠠᠬᠤ

ᠬᠦᠴᠦᠨ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂

ᠣᠨᠴᠠᠯᠢᠭᠲᠤ ᠵᠢᠭᠤᠯᠴᠢᠯᠠᠯ᠂ ᠳᠦᠷᠢ ᠲᠥᠷᠬᠦ ᠶᠢ ᠳᠡᠯᠭᠡᠷᠡᠭᠦᠯᠬᠦ ᠳᠡᠭᠡᠷ᠎ᠡ ᠬᠦᠴᠦ ᠲᠠᠯᠪᠢᠵᠤ᠂ ᠬᠤᠤᠯᠢᠩᠭᠤᠤᠯ ᠤᠨ

ᠨᠡᠷ᠎ᠡ ᠠᠯᠳᠠᠷ᠂ ᠮᠡᠳᠡᠬᠦ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠵᠤᠭᠠᠴᠠᠯ ᠤᠨ

ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ ᠭᠡᠵᠦ

ᠴᠢᠬᠤᠯᠠᠴᠢᠯᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号