ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ‌‍ᠲ᠋ᠠᠨ᠎ᠠ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠥᠬᠦ ᠺᠠᠳ᠋ᠷ ᠠᠵᠢᠯᠲᠠᠨ ᠠᠵᠢᠯᠴᠢᠨ ᠳᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/4
   ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠠᠨ᠎ᠠ ︽︿ᠲᠦᠷᠢᠮ﹀ ᠢ ᠭᠦᠨᠵᠡᠭᠡᠶ ᠰᠤᠷᠤᠯᠴᠠᠵᠤ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ︾ ᠰᠡᠳᠦᠪ ᠢᠶᠠᠷ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠥᠬᠦ ᠺᠠᠳ᠋ᠷ ᠠᠵᠢᠯᠲᠠᠨ ᠠᠵᠢᠯᠴᠢᠨ ᠳᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃

   ᠲᠠᠨ᠎ᠠ ᠰᠢᠨ᠎ᠡ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ

ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠡᠯ᠎ᠡ ᠵᠦᠢᠯ ᠤᠨ ᠰᠠᠬᠢᠯᠭ᠎ᠠ ᠪᠠᠲᠤ ᠶᠢᠨ

ᠱᠠᠭᠠᠷᠳᠠᠯᠭ᠎ᠠ ᠪᠠ ᠰᠤᠷᠤᠯᠴᠠᠯᠭ᠎ᠠ ᠶᠢᠨ ᠭᠤᠣᠯᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠤᠯᠤᠰ ᠲᠦᠷᠦ ᠬᠠᠤᠯᠢ

ᠴᠠᠭᠠᠵᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ

ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠬᠡᠷᠡᠭ ᠢᠶᠠᠷ ᠶᠣᠰᠣ ᠰᠤᠷᠲᠠᠬᠤᠨ ᠢ

ᠡᠷᠬᠢᠮᠯᠡᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠬᠠᠷᠢᠭᠤᠴᠠᠯᠭ᠎ᠠ ᠶᠢ ᠬᠡᠯᠡᠬᠦ ᠶᠢ ᠴᠢᠩᠭᠠᠳᠬᠠᠵᠤ᠂

ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠲᠦᠷᠢᠮ ᠲᠣᠭᠲᠠᠭᠠᠯ ᠢ

ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠤᠬᠠᠮᠰᠠᠷ ᠠᠴᠠ ᠪᠠᠨ ᠲᠡᠮᠦᠷ ᠮᠡᠲᠦ

ᠰᠠᠬᠢᠯᠭ᠎ᠠ ᠪᠠᠲᠤ ᠶᠢ ᠪᠠᠷᠢᠮᠲᠠᠯᠠᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ

ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠪᠠ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ

ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ

ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠪᠠᠲᠤᠯᠠᠪᠠ᠃

   ᠲᠠᠨ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ

ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ

ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠵᠠᠭᠤᠨ ᠵᠢᠯ ᠤᠨ ᠨᠠᠮ ᠤᠨ ᠲᠡᠦᠬᠡ ᠠᠴᠠ ᠰᠠᠬᠢᠯᠭ᠎ᠠ ᠪᠠᠲᠤ ᠶᠢᠨ

ᠪᠠᠶᠢᠭᠤᠯᠤᠯᠲᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ︽ᠳᠤᠮᠳᠠᠳᠤ

ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠴᠢᠩᠭ᠎ᠠ ᠵᠢᠷᠤᠮᠯᠠᠵᠤ᠂

ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠶᠢᠨ ᠵᠢᠱᠢᠶᠡᠴᠢ ᠪᠣᠯᠬᠤ

ᠬᠡᠷᠡᠭᠲᠡᠢ ᠭᠡᠵᠠᠢ᠃

   ᠲᠠᠨ᠎ᠠ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ

ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ

ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ

ᠣᠨᠣᠪᠴᠢᠲᠠᠢ ᠡᠵᠡᠮᠳᠡᠵᠦ᠂ ︽ᠲᠦᠷᠢᠮ︾ ᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ

ᠬᠢᠴᠢᠶᠡᠯ ᠪᠣᠯᠭᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ᠂ ᠮᠡᠳᠡᠬᠦ ᠬᠢᠬᠦ ᠶᠢ ᠨᠢᠭᠡᠳᠬᠡᠬᠦ ᠶᠢ

ᠦᠨᠡᠨ ᠬᠦ ᠪᠡᠶᠡᠯᠡᠭᠦᠯᠵᠦ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠤᠬᠠᠮᠰᠠᠷ ᠲᠠᠢ᠂ ᠰᠤᠷᠤᠯᠴᠠᠪᠠᠯ

ᠬᠡᠷᠡᠭᠴᠡᠭᠡ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂

ᠥᠪᠡᠷ ᠢ ᠪᠠᠨ ᠣᠷᠣᠭᠤᠯᠵᠤ᠂ ᠳᠡᠷᠭᠡᠳᠡᠬᠢ ᠬᠥᠮᠦᠨ ᠪᠠ ᠳᠡᠷᠭᠡᠳᠡᠬᠢ ᠬᠡᠷᠡᠭ ᠠᠴᠠ ᠬᠥᠮᠦᠵᠢᠯ ᠬᠦᠷᠲᠡᠵᠦ᠂ ︽

ᠲᠦᠷᠢᠮ︾ ᠢᠶᠠᠷ ᠪᠠᠷᠢᠮᠵᠢᠶ᠎ᠠ ᠪᠣᠯᠭᠠᠨ ᠥᠪᠡᠷ ᠢ ᠪᠠᠨ ᠴᠢᠩᠭ᠎ᠠ ᠪᠣᠳᠠᠲᠠᠢ ᠪᠠᠶᠢᠴᠠᠭᠠᠵᠤ᠂ ᠰᠠᠬᠢᠯᠭ᠎ᠠ ᠪᠠᠲᠤ ᠶᠢ

ᠵᠢᠷᠤᠮᠯᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ

ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂

ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ

ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠢ ᠥᠷᠨᠢᠭᠦᠯᠬᠦ ᠶᠢ ᠤᠯᠤᠰ ᠲᠦᠷᠦ ᠬᠠᠤᠯᠢ ᠴᠠᠭᠠᠵᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠢ

ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ

ᠴᠥᠮ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠠᠵᠢᠯ ᠢ ᠪᠡᠶᠡᠯᠡᠭᠦᠯᠬᠦ ᠶᠢ ᠠᠬᠢᠭᠤᠯᠬᠤ ᠬᠦᠴᠦᠷᠬᠡᠭ

ᠶᠡᠭᠡ ᠬᠥᠳᠡᠯᠭᠡᠬᠦ ᠬᠦᠴᠦᠨ ᠪᠠ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号