ᠬᠤᠤᠯᠢᠩᠭᠤᠤᠯ ᠬᠤᠲᠠ ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
   7 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠬᠤᠤᠯᠢᠩᠭᠤᠤᠯ ᠬᠤᠲᠠ ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠠᠨ᠎ᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠽᠧᠩ ᠰᠢ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠶᠦᠩ ᠱᠧᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠱᠧᠨ ᠶᠠᠨ ᠮᠢᠨ ᠬᠤᠷᠠᠯ ᠳᠤ ᠣᠷᠣᠯᠴᠠᠵᠤ᠂ ᠰᠤᠮᠤᠨ ᠤ ᠡᠯ᠎ᠡ ᠵᠡᠭᠡᠯᠢ ᠭᠤᠳᠤᠮᠵᠢ ᠵᠢᠴᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃  

   ᠬᠤᠷᠠᠯ ᠠᠴᠠ ᠮᠧᠩ ᠴᠢᠩ ᠸᠧᠶ ᠱᠦᠵᠢ ᠶᠢᠨ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠤᠯᠤᠰ

ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2024 ᠣᠨ ᠤ ᠬᠤᠶᠠᠳᠤᠭᠠᠷ ᠤᠳᠠᠭᠠᠨ ᠤ ᠪᠥᠬᠦᠳᠡ ︵

ᠥᠷᠭᠡᠳᠬᠡᠭᠰᠡᠨ︶ ᠬᠤᠷᠠᠯ ᠳᠡᠭᠡᠷᠡᠬᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠠᠷᠢᠶᠠᠨ ᠤ ᠵᠣᠷᠢᠭ ᠰᠠᠨᠠᠭ᠎ᠠ ᠶᠢ

ᠤᠯᠠᠮᠵᠢᠯᠠᠪᠠ︔ ᠬᠤᠯᠪᠣᠭᠳᠠᠯ ᠪᠦᠬᠦᠢ ᠨᠢᠭᠡᠴᠡ ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ

ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠪᠠ ᠣᠪᠣᠷ ᠢ ᠰᠣᠨᠣᠰᠪᠠ︔ ︽ᠬᠤᠤᠯᠢᠩᠭᠤᠤᠯ

ᠬᠤᠲᠠ ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ

ᠰᠢᠪᠲᠤᠯᠬᠤ 2024 ᠣᠨ ᠤ ᠲᠤᠰᠬᠠᠶ ᠠᠵᠢᠯᠯᠠᠭ᠎ᠠ ᠶᠢᠨ ᠲᠥᠰᠦᠯ︾ ᠢ ᠲᠠᠶᠢᠯᠪᠤᠷᠢᠯᠠᠪᠠ︔ ᠲᠠᠷᠠᠭᠠᠴᠢ ᠶᠢᠨ

ᠠᠯᠬᠤᠮ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃

   ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠠᠮᠢᠨ ᠬᠡᠷᠡᠭ ᠢ

ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ

ᠵᠢᠴᠢ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ 2024 ᠣᠨ ᠤ ᠲᠤᠰᠬᠠᠢ

ᠠᠵᠢᠯᠯᠠᠭ᠎ᠠ ᠶᠢᠨ ᠲᠥᠰᠥᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ

ᠴᠠᠷᠠᠭ᠎ᠠ᠂ ᠭᠤᠣᠯᠳᠠᠯᠭ᠎ᠠ ᠲᠠᠢ ᠬᠥᠮᠦᠰ᠂ ᠪᠠᠭᠤᠷᠠᠢ ᠭᠤᠭᠴᠤᠭ᠎ᠠ ᠶᠢ ᠱᠠᠯᠠᠪᠳᠠᠭᠤᠯᠤᠨ ᠪᠠᠶᠢᠴᠠᠭᠠᠬᠤ ᠪᠠ ᠬᠠᠮᠢᠶᠠᠷᠤᠨ

ᠡᠵᠡᠮᠳᠡᠬᠦ ᠶᠢ ᠰᠠᠶᠢᠲᠤᠷ ᠬᠢᠵᠦ᠂ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠠᠮᠢᠶᠠᠷᠤᠯᠲᠠ ᠠᠴᠠ

ᠭᠤᠭᠤᠵᠢᠭᠳᠠᠵᠤ ᠡᠵᠡᠮᠳᠡᠬᠦ ᠶᠢ ᠶᠠᠭᠠᠬᠢᠭᠰᠠᠨ ᠴᠤ ᠭᠠᠷᠭᠠᠵᠤ ᠪᠣᠯᠬᠤ ᠦᠭᠡᠢ︔ ᠤᠷᠤᠭ ᠭᠡᠷ ᠪᠦᠯᠢ ᠶᠢᠨ

ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠪᠣᠳᠠᠲᠠᠢ ᠠᠳᠬᠤᠵᠤ᠂ ᠲᠤᠰᠢᠶᠠᠯ ᠳᠠᠭᠠᠨ

ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠠᠵᠢᠯᠲᠠᠳ ᠠᠴᠠ ᠬᠠᠤᠯᠢ ᠴᠠᠭᠠᠵᠠ ᠶᠢᠨ ᠠᠷᠭ᠎ᠠ ᠵᠠᠮ ᠢᠶᠠᠷ

ᠵᠢᠭᠤᠷᠠᠯᠳᠤᠭᠠᠨ ᠢ ᠰᠢᠢᠳᠪᠦᠷᠢᠯᠡᠬᠦ᠂ ᠡᠷᠬᠡ ᠠᠰᠢᠭ ᠢᠶᠠᠨ ᠬᠠᠮᠠᠭᠠᠯᠠᠬᠤ ᠳᠠᠳᠬᠠᠯ ᠲᠠᠢ ᠪᠣᠯᠭᠠᠵᠤ᠂ ᠡᠯ᠎ᠡ ᠲᠦᠷᠦᠯ ᠤᠨ

ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ

ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠡᠢ᠃  

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号