ᠬᠤᠤᠯᠢᠩᠭᠤᠤᠯ ᠬᠤᠳᠠ ᠶᠢᠨ ᠵᠠᠰᠠᠭ ᠤᠨ ᠣᠷᠳᠣᠨ 2024 ᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
   7 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠸᠠᠩ ᠵᠢᠶᠦ᠋ᠨ ᠭᠦᠸᠧ᠂ ᠰᠢᠤᠢ ᠸᠧᠨ ᠵᠢᠶᠧ᠂ ᠰᠥᠩ ᠴᠢ ᠵᠧ᠂ ᠰᠦᠨ ᠸᠧᠶ ᠨᠠᠨ᠂ ᠯᠢ ᠭᠦᠸᠧ ᡁᠢ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

   ᠬᠤᠷᠠᠯ ᠳᠡᠭᠡᠷ᠎ᠡ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ᠂

2024 ᠣᠨ ᠤ ᠳᠡᠭᠡᠷ᠎ᠡ ᠬᠠᠭᠠᠰ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠶ

ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠤᠯᠢᠩᠭᠤᠤᠯ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ

ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶︾᠂ ︽ᠳ᠋ᠦ᠋ ᠱᠢ ᠪᠦᠯᠦᠭᠯᠡᠯ ᠤᠨ 60 ᠲᠦᠮᠡᠨ

ᠲᠣᠨ ᠰᠢᠨ᠎ᠡ ᠬᠡᠯᠪᠡᠷᠢ ᠶᠢᠨ ᠤᠷᠢᠳᠴᠢᠯᠠᠨ ᠬᠠᠭᠰᠠᠭᠠᠬᠤ ᠠᠷᠭ᠎ᠠ ᠲᠦᠢᠯ ᠤᠨ ᠲᠥᠷᠥᠯ ᠵᠦᠢᠯ ᠤᠨ ᠪᠠᠯᠠ

ᠣᠷᠣᠭᠤᠯᠤᠯᠲᠠ ᠶᠢᠨ ᠵᠥᠪᠯᠡᠯᠴᠡᠭᠡᠷ︾᠂ ︽ᠲᠦᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠵᠢᠯ ᠳᠤ 3000 ᠲᠣᠨ ᠴᠢᠴᠠᠷᠭᠠᠨ᠎ᠠ ᠶᠢ

ᠭᠦᠨᠵᠡᠭᠡᠶ ᠡᠳ᠋ᠰᠢᠭᠦᠯᠬᠦ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠵᠥᠪᠯᠡᠯᠴᠡᠭᠡᠷ︾ ᠵᠡᠷᠭᠡ ᠠᠭᠤᠯᠭ᠎ᠠ ᠶᠢ

ᠰᠤᠳᠤᠯᠤᠨ ᠬᠢᠨᠠᠨ ᠵᠥᠪᠯᠡᠪᠡ᠃

   ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂

ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ

ᠲᠠᠨᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ

ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ

ᠬᠦᠴᠦᠨ ᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂

ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠡᠷᠬᠡ ᠰᠦᠷ ᠢ ᠴᠢᠩᠭᠠᠷᠠᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ

ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ

ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠬᠦᠴᠦᠨ ᠢᠶᠠᠷ ᠢᠶᠠᠨ ᠳᠥᠯᠭᠢᠨ

ᠠᠬᠢᠭᠤᠯᠬᠤ ᠬᠡᠷᠡᠭᠲᠡᠶ ᠭᠡᠵᠡᠶ᠃ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠢ

ᠴᠢᠩᠭᠠᠳᠬᠠᠵᠤ᠂ ᠵᠢᠷᠤᠮᠵᠢᠭᠰᠠᠨ ᠵᠠᠮ ᠢ ᠰᠠᠭᠠᠳ ᠦᠭᠡᠢ ᠨᠡᠪᠲᠡᠷᠡᠭᠦᠯᠬᠦ ᠳᠡᠭᠡᠷ᠎ᠡ ᠬᠦᠴᠦ ᠲᠠᠯᠪᠢᠵᠤ᠂ ᠤᠯᠠᠨ

ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ

ᠪᠠᠲᠤᠯᠠᠬᠤ ᠵᠠᠮ ᠢ ᠤᠯᠠᠮ ᠴᠢᠨᠠᠭᠰᠢᠳᠠ ᠰᠢᠯᠤᠭᠤᠳᠬᠠᠨ ᠵᠢᠷᠤᠮᠵᠢᠭᠤᠯᠵᠤ᠂ ᠤᠯᠠᠨ ᠲᠦᠮᠡᠨ ᠤ ᠠᠵᠢᠯ ᠢ ᠯᠠᠪᠳᠠᠭᠤᠨ

ᠪᠠᠲᠤᠲᠠᠢ ᠨᠠᠷᠢᠨ ᠨᠢᠮᠪᠠᠢ ᠬᠢᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ

ᠪᠠ ᠰᠢᠢᠳᠪᠦᠷᠢᠯᠡᠬᠦ ᠬᠡᠷᠡᠭᠲᠡᠢ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂

ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠤᠨ᠂

ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ

ᠪᠣᠯᠭᠠᠬᠤ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠪᠠᠶᠢᠩᠭᠤᠵᠢᠭᠤᠯᠬᠤ ᠶᠢ ᠠᠬᠢᠭᠤᠯᠤᠨ᠂ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠶ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠬᠢᠨᠠᠮᠠᠭᠠᠶ

ᠰᠣᠨᠣᠰᠴᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠥᠬᠦ ᠬᠦᠴᠦᠨ ᠢᠶᠠᠷ ᠢᠶᠠᠨ

ᠳᠡᠭᠡᠭᠰᠢᠯᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ

ᠠᠬᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠡᠭᠦᠷᠭᠡ ᠴᠢᠳᠠᠪᠤᠷᠢ ᠪᠠᠨ

ᠪᠠᠳᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠠᠬᠢᠴᠠ ᠶᠢᠨ ᠪᠠᠶᠢᠳᠠᠯ ᠢ ᠬᠢᠨᠠᠨ

ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ

ᠡᠭᠦᠷᠭᠡ ᠶᠢ ᠱᠠᠯᠠᠪᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠠᠨ ᠤ

ᠬᠤᠲᠠ ᠶᠢᠨ ᠠᠵᠤ ᠠᠬᠤᠢ ᠨᠡᠶᠢᠭᠡᠮ ᠵᠡᠷᠭᠡ ᠡᠯ᠎ᠡ ᠲᠠᠯ᠎ᠠ ᠶᠢᠨ ᠦᠷᠭᠦᠯᠵᠢᠯᠡᠨ᠂ ᠲᠦᠷᠭᠡᠨ᠂ ᠡᠷᠡᠭᠦᠯ ᠢᠶᠠᠷ

ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号