ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠰᠤᠨ ᠤ ᠴᠢᠨᠠᠷ ᠤᠨ ᠪᠠᠶᠢᠳᠠᠯ ᠤᠨ ᠲᠤᠬᠠᠶ ᠲᠤᠰᠬᠠᠶ ᠰᠡᠳᠦᠪ ᠢᠶᠠᠷ ᠯᠠᠪᠯᠠᠨ ᠠᠰᠠᠭᠤᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/5
   7 ᠰᠠᠷ᠎ᠠ ᠶᠢᠨ 4 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠰᠤᠨ ᠤ ᠴᠢᠨᠠᠷ ᠤᠨ ᠲᠤᠬᠠᠶ ᠲᠤᠰᠬᠠᠶ ᠰᠡᠳᠦᠪ ᠢᠶᠠᠷ ᠯᠠᠪᠯᠠᠨ ᠠᠰᠠᠭᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠶ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠠᠢ ᠭᠦᠸᠧ ᠴᠦᠨ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦᠶ ᠹᠧᠩ ᠮᠢᠨ᠂ ᠸᠠᠩ ᠮᠢᠨ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠸᠧᠶ ᠨᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ᠂ ᠠᠰᠠᠭᠤᠨ ᠯᠠᠪᠯᠠᠬᠤ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠰᠤᠯᠠ ᠣᠷᠣᠯᠴᠠᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

   ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠬᠡᠰᠡᠭ ᠪᠦᠷᠢᠯᠳᠦᠬᠦᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ

ᠣᠭᠲᠣᠯᠤᠭᠠᠰᠤ ᠶᠢᠨ ᠤᠰᠤᠨ ᠤ ᠴᠢᠨᠠᠷ ᠢ ᠰᠢᠯᠭᠠᠨ ᠪᠠᠶᠢᠴᠠᠭᠠᠵᠤ ᠪᠠᠷᠢᠮᠵᠢᠶ᠎ᠠ ᠳᠤ ᠬᠦᠷᠦᠭᠰᠡᠨ ᠪᠠᠶᠢᠳᠠᠯ᠂

ᠬᠤᠲᠠ ᠶᠢᠨ ᠠᠮᠢᠳᠤᠷᠠᠯ ᠪᠠ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ᠂ ᠭᠤᠤᠯ ᠤᠨ

ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ

ᠲᠥᠪᠯᠡᠷᠡᠭᠦᠯᠦᠨ ᠯᠠᠪᠯᠠᠨ ᠠᠰᠠᠭᠤᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠳᠠᠯᠠᠶᠢᠬᠦ᠋ᠪ

ᠰᠤᠮᠤ ᠵᠡᠷᠭᠡ 7 ᠰᠠᠯᠠᠭ᠎ᠠ ᠮᠥᠴᠢᠷ ᠨᠢᠭᠡᠴᠡ ᠠᠰᠠᠭᠤᠨ ᠯᠠᠪᠯᠠᠭᠴᠢ ᠶᠢᠨ ᠠᠰᠠᠭᠤᠯᠲᠠ ᠶᠢ ᠬᠠᠷᠢᠭᠤᠯᠬᠤ ᠶᠢ

ᠬᠠᠷᠢᠭᠤᠴᠠᠪᠠ᠃

   ᠪᠠᠶ ᠬᠤᠸᠠ ᠵᠢᠭᠠᠵᠤ ᠭᠠᠷᠭᠠᠭᠰᠠᠨ ᠨᠢ᠂ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠤᠭᠠᠰᠤ ᠶᠢᠨ

ᠤᠰᠤᠨ ᠤ ᠴᠢᠨᠠᠷ ᠤᠨ ᠪᠠᠶᠢᠳᠠᠯ ᠨᠢ ᠠᠷᠠᠳ ᠣᠯᠠᠨ ᠤ ᠤᠤᠭᠤᠬᠤ ᠤᠰᠤᠨ ᠤ ᠠᠮᠤᠷ ᠲᠦᠪᠰᠢᠨ ᠪᠠ ᠠᠮᠢ

ᠠᠬᠤᠶ ᠶᠢᠨ ᠣᠷᠴᠢᠨ ᠲᠣᠭᠤᠷᠢᠨ ᠤ ᠲᠣᠭᠲᠠᠭᠤᠨ ᠪᠠᠶᠢᠳᠠᠯ ᠲᠠᠢ ᠰᠢᠭᠤᠳ ᠬᠤᠯᠪᠣᠭᠳᠠᠵᠤ ᠪᠠᠶᠢᠳᠠᠭ᠃ ᠬᠤᠲᠠ ᠶᠢᠨ

ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ

ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂

ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂

ᠤᠯᠤᠰ ᠤᠨ ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠶᠢᠨ ᠴᠢᠬᠤᠯᠠ ᠴᠢᠨᠠᠷ ᠪᠠ

ᠲᠤᠯᠭᠠᠮ᠎ᠠ ᠴᠢᠨᠠᠷ ᠢ ᠲᠣᠳᠣᠷᠬᠠᠶᠢᠯᠠᠵᠤ᠂ ᠠᠵᠢᠯ ᠤᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠂ ᠬᠦᠴᠦᠲᠡᠶ

ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ

ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ

ᠶᠠᠪᠤᠳᠠᠯ ᠬᠢᠵᠦ ᠦᠷ᠎ᠡ ᠪᠦᠲᠦᠮᠵᠢ ᠣᠯᠵᠤ᠂ ᠤᠰᠤᠨ ᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ

ᠨᠠᠶᠢᠳᠠᠪᠤᠷᠢᠵᠢᠭᠤᠯᠵᠤ᠂ ᠣᠭᠲᠣᠯᠤᠭᠠᠰᠤ ᠶᠢᠨ ᠤᠰᠤᠨ ᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ

ᠠᠯᠬᠤᠮ ᠴᠢᠩᠭᠠᠳᠬᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠰᠤᠨ ᠤ ᠴᠢᠨᠠᠷ ᠢ ᠪᠠᠶᠢᠴᠠᠭᠠᠨ

ᠰᠢᠯᠭᠠᠬᠤ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠮᠠᠨ ᠤ ᠬᠤᠲᠠ ᠶᠢᠨ ᠤᠰᠤᠨ ᠤ

ᠴᠢᠨᠠᠷ ᠢ ᠪᠠᠶᠢᠴᠠᠭᠠᠨ ᠰᠢᠯᠭᠠᠬᠤ ᠠᠵᠢᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ︔ ᠪᠣᠬᠢᠷᠲᠤᠯ ᠤᠨ

ᠡᠬᠢ ᠰᠤᠷᠪᠤᠯᠵᠢ ᠶᠢ ᠶᠡᠷᠦᠩᠬᠡᠶᠢᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ ᠶᠢ ᠵᠥᠷᠢᠴᠡᠨ

ᠪᠣᠬᠢᠷᠲᠤᠯ ᠭᠠᠳᠠᠭᠰᠢᠯᠠᠭᠤᠯᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠴᠦ᠂

ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ᠂ ᠠᠮᠢ ᠠᠬᠤᠶ ᠣᠷᠴᠢᠨ

ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠲᠤᠰᠬᠠᠶ

ᠰᠡᠳᠦᠪᠲᠦ ᠠᠰᠠᠭᠤᠨ ᠯᠠᠪᠯᠠᠯᠲᠠ ᠶᠢᠨ ᠳᠤᠮᠳᠠ ᠠᠩᠬᠠᠷᠴᠤ ᠪᠠᠶᠢᠭ᠎ᠠ ᠠᠰᠠᠭᠤᠳᠠᠯ ᠢ ᠬᠤᠷᠢᠶᠠᠩᠭᠤᠶᠢᠯᠠᠨ ᠡᠮᠬᠢᠯᠡᠵᠦ᠂

ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ

ᠥᠭᠴᠦ ᠰᠤᠳᠤᠯᠤᠨ ᠰᠢᠢᠳᠪᠦᠷᠢᠯᠡᠭᠦᠯᠬᠦ ᠬᠡᠷᠡᠭᠲᠡᠶ᠂ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ

ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯᠯᠠᠭ᠎ᠠ ᠳᠤ ᠬᠠᠷᠢᠭᠤᠯᠲᠠ

ᠥᠭᠴᠦ᠂ ᠠᠮᠠᠯᠠᠯᠲᠠ ᠪᠠᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠵᠤᠷᠪᠤᠰ ᠳᠠᠷᠠᠭᠠᠯᠠᠨ ᠴᠡᠭᠴᠡᠯᠡᠨ

ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠯᠠᠪᠯᠠᠨ ᠠᠰᠠᠭᠤᠬᠤ᠂ ᠬᠠᠷᠢᠭᠤᠯᠲᠠ ᠥᠭᠬᠦ᠂

ᠦᠷ᠎ᠡ ᠳ᠋ᠦᠩ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠮᠠᠨ ᠤ ᠬᠤᠲᠠ ᠶᠢᠨ ᠠᠮᠢ ᠠᠬᠤᠢ ᠶᠢᠨ ᠣᠷᠴᠢᠨ

ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ

ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠵᠡᠢ᠃

   ᠰᠦᠨ ᠸᠧᠶ ᠨᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠤᠰᠬᠠᠶ ᠰᠡᠳᠦᠪᠲᠦ ᠠᠰᠠᠭᠤᠨ ᠯᠠᠪᠯᠠᠬᠤ ᠪᠠᠷ

ᠠᠵᠠ ᠲᠣᠬᠢᠶᠠᠯ ᠪᠣᠯᠭᠠᠵᠤ᠂ ᠡᠭᠦᠷᠭᠡ ᠬᠠᠷᠠᠯᠲᠠ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠴᠢᠩᠭ᠎ᠠ

ᠪᠣᠳᠠᠲᠠᠶᠢᠵᠢᠭᠤᠯᠵᠤ᠂ ᠵᠠᠰᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠂ ᠰᠢᠰᠲ᠋ᠧᠮ ᠲᠠᠢ ᠵᠠᠰᠠᠬᠤ

ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠠᠶᠢᠷᠢᠯᠠᠭᠤᠯᠵᠤ᠂ ᠬᠤᠤᠯᠢᠩᠭᠤᠤᠯ ᠤᠨ ᠰᠠᠪᠠ ᠭᠠᠵᠠᠷ ᠤᠨ ᠤᠰᠤᠨ ᠤ

ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠡᠶ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号