ᠬᠤᠤᠯᠢᠩᠭᠤᠤᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/5
   7 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠤᠯᠢᠩᠭᠤᠤᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠶ ᠬᠤᠸᠠ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦᠶ ᠹᠧᠩ ᠮᠢᠨ᠂ ᠴᠠᠢ ᠭᠦᠸᠧ ᠴᠦᠨ᠂ ᠸᠠᠩ ᠮᠢᠨ ᠬᠤᠷᠠᠯ ᠳᠤ ᠣᠷᠣᠯᠴᠠᠵᠠᠶ᠃ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠦᠨ ᠸᠧᠶ ᠨᠠᠨ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠰᠢᠭᠦᠬᠦ ᠬᠤᠷᠢᠶ᠎ᠠ᠂ ᠬᠤᠲᠠ ᠶᠢᠨ ᠪᠠᠶᠢᠴᠠᠭᠠᠬᠤ ᠬᠤᠷᠢᠶ᠎ᠠ ᠪᠠ ᠡᠯ᠎ᠡ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠵᠢᠴᠢ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃

   ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠣᠳᠣ ᠪᠠᠶᠢᠭ᠎ᠠ ᠪᠦᠷᠢᠯᠳᠦᠬᠦᠨ 31 ᠬᠥᠮᠦᠨ᠂ ᠪᠣᠳᠠᠲᠠᠶ ᠣᠷᠣᠯᠴᠠᠭᠰᠠᠨ ᠨᠢ 23

ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃

   ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ

ᠴᠠᠭ ᠦᠶ᠎ᠡ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠶᠢ

ᠰᠤᠷᠤᠯᠴᠠᠪᠠ︔ ᠬᠤᠤᠯᠢᠩᠭᠤᠤᠯ ᠬᠤᠳᠠ ᠶᠢᠨ ᠠᠷᠠᠳ ᠤᠨ ᠰᠢᠭᠦᠬᠦ ᠬᠤᠷᠢᠶᠠᠨ ᠤ ᠠᠷᠠᠳ ᠤᠨ ᠬᠠᠪᠰᠤᠷᠤᠨ

ᠰᠢᠭᠦᠭᠴᠢ ᠶᠢᠨ ᠣᠷᠣᠨ ᠲᠤᠭ᠎ᠠ ᠶᠢ ᠲᠣᠭᠲᠠᠭᠠᠬᠤ ᠬᠠᠮᠢᠶ᠎ᠠ ᠪᠦᠬᠦᠢ ᠤᠴᠢᠷ ᠶᠠᠪᠤᠳᠠᠯ᠂ ᠲᠥᠯᠥᠭᠡᠯᠡᠭᠴᠢ ᠶᠢᠨ ᠬᠢᠷᠢ

ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ

ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃

   ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ᠂

ᠲᠤᠰᠬᠠᠢ ᠰᠡᠳᠦᠪ ᠢᠶᠠᠷ ᠯᠠᠪᠯᠠᠨ ᠠᠰᠠᠭᠤᠬᠤ ᠪᠠ ᠪᠤᠰᠤᠳ ᠵᠦᠢᠯᠡᠰ ᠢ ᠬᠢᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号