ᠵᠢᠢ ᠬᠠᠢ ᠶᠠᠩ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠲᠠ ᠶᠢᠨ ᠳᠠᠷᠤᠭ᠎ᠠ ᠶᠢᠨ ᠠᠵᠢᠯ ᠤᠨ ᠡᠳᠦᠷ ᠤᠨ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
    7 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠲᠠ ᠶᠢᠨ ᠳᠠᠷᠤᠭ᠎ᠠ ᠶᠢᠨ ᠠᠵᠢᠯᠯᠠᠬᠤ ᠡᠳᠦᠷ ᠤᠨ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠶᠦᠩ ᠱᠧᠩ ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠱᠤᠸᠠᠩ ᠯᠢ ᠠᠷᠠᠯᠵᠢᠶ᠎ᠠ ᠬᠤᠳᠠᠯᠳᠤᠭ᠎ᠠ᠂ ᠴᠤᠸᠠᠩ ᠶᠤᠸᠠᠨ ᠪᠠᠷᠠᠭᠠᠨ ᠤ ᠭᠦᠢᠯᠭᠡᠭᠡ᠂ ᠹᠦ᠋ ᠯᠧ ᠵᠢᠶᠠ ᠬᠡᠲᠦ ᠳᠡᠯᠭᠡᠭᠦᠷ᠂ ᠫᠧᠩ ᠵᠢᠶᠠ ᠮᠠᠰᠢᠨ ᠲᠡᠷᠭᠡᠨ ᠤ ᠠᠷᠠᠯᠵᠢᠶ᠎ᠠ᠂ ᠶᠤᠸᠠᠨ ᠶᠤᠸᠠᠨ ᠪᠠᠭᠤᠳᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ

ᠨᠢᠭᠡᠴᠡ ᠬᠠᠷᠢᠭᠤᠴᠠᠬᠤ ᠬᠦᠷᠢᠶᠡᠨ ᠳᠠᠬᠢ ᠠᠵᠢᠯ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ

ᠮᠠᠲ᠋ᠧᠷᠢᠶᠠᠯ ᠢ ᠲᠥᠪᠯᠡᠷᠡᠭᠦᠯᠦᠨ ᠲᠠᠨᠢᠯᠴᠠᠭᠤᠯᠬᠤ ᠪᠠ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠲᠥᠷᠥ ᠶᠢᠨ

ᠪᠣᠳᠣᠯᠭ᠎ᠠ ᠶᠢᠨ ᠨᠠᠷᠢᠨ ᠵᠦᠢᠯᠡᠰ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ

ᠰᠡᠳᠦᠪ ᠤᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠳᠠᠷᠠᠭ᠎ᠠ ᠪᠠᠷ ᠨᠢ

ᠪᠠᠰᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠶᠢᠴᠠᠭᠠᠯᠲᠠ ᠶᠢᠨ ᠬᠠᠭᠤᠳᠠᠰᠤ

ᠲᠠᠷᠬᠠᠭᠠᠪᠠ᠃

   ᠵᠢᠢ ᠬᠠᠢ ᠶᠠᠩ᠂ ᠵᠠᠰᠠᠭ ᠤᠨ ᠣᠷᠳᠣᠨ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ

ᠦᠷᠭᠦᠯᠵᠢᠯᠡᠨ ᠰᠢᠯᠤᠭᠤᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠠᠵᠤ ᠠᠬᠤᠶᠢᠯᠠᠯ ᠤᠨ

ᠰᠣᠯᠢᠯᠴᠠᠭ᠎ᠠ ᠶᠢ ᠳᠥᠯᠭᠢᠨ ᠠᠬᠢᠭᠤᠯᠬᠤ ᠠᠵᠢᠯᠯᠠᠭ᠎ᠠ ᠶᠢ ᠨᠢᠭᠡᠨ ᠲᠣᠰ ᠭᠠᠵᠠᠷ ᠤᠨ ᠠᠵᠤ ᠠᠬᠤᠶᠢᠯᠠᠯ ᠤᠨ

ᠬᠥᠭᠵᠢᠯᠲᠡ ᠶᠢ ᠳᠥᠯᠭᠢᠨ ᠠᠬᠢᠭᠤᠯᠬᠤ ᠬᠡᠪᠰᠢᠭᠰᠡᠨ ᠠᠵᠢᠯ ᠪᠣᠯᠭᠠᠨ ᠠᠳᠬᠤᠵᠤ᠂ ᠠᠵᠤ ᠠᠬᠤᠶᠢᠯᠠᠯ ᠳᠤ ᠠᠰᠢᠭ

ᠬᠦᠷᠲᠡᠭᠡᠬᠦ ᠦᠢᠯᠡᠴᠢᠯᠡᠭᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ

ᠠᠬᠢᠭᠤᠯᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠬᠤ

ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠳᠤᠷᠠᠳᠤᠭᠰᠠᠨ ᠰᠠᠨᠠᠯ

ᠰᠠᠨᠠᠭᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰ ᠲᠤᠰ ᠤᠨ ᠡᠭᠦᠷᠭᠡ ᠴᠢᠳᠠᠪᠬᠢ ᠶᠢᠨ

ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷ

ᠵᠣᠪᠠᠭᠤᠷᠢ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ

ᠬᠡᠷᠡᠭᠲᠡᠢ ᠭᠡᠵᠡᠢ᠃ ᠡᠯ᠎ᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠤᠰ ᠭᠠᠵᠠᠷ ᠣᠷᠣᠨ ᠤ ᠪᠠᠨ

ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠵᠡᠷᠭᠡ ᠠᠵᠢᠯ ᠲᠦᠷᠦᠯ ᠤᠨ ᠬᠥᠭᠵᠢᠯᠲᠡ ᠶᠢᠨ ᠬᠠᠨᠳᠤᠰᠢ ᠶᠢ ᠨᠢᠭᠲᠠ

ᠠᠩᠬᠠᠷᠴᠤ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠢ ᠴᠢᠩᠭ᠎ᠠ ᠠᠳᠬᠤᠵᠤ᠂

ᠲᠤᠰ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠲᠦᠷᠦᠯ ᠵᠦᠢᠯ ᠳᠤ ᠢᠳᠡᠪᠬᠢᠲᠡᠢ ᠪᠡᠯᠡ ᠣᠷᠣᠭᠤᠯᠵᠤ᠂

ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠠᠬᠢᠭᠤᠯᠵᠤ᠂ ᠮᠠᠨ ᠤ ᠬᠤᠲᠠ ᠶᠢᠨ ᠠᠵᠤ ᠠᠬᠤᠢ

ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ

ᠬᠡᠷᠡᠭᠲᠡᠢ ᠭᠡᠵᠦ ᠵᠢᠭᠠᠵᠤ ᠭᠠᠷᠭᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号