ᠬᠤᠤᠯᠢᠩᠭᠤᠤᠯ ᠬᠤᠳᠠ ᠶᠢᠨ ᠵᠠᠰᠠᠭ ᠤᠨ ᠣᠷᠳᠣᠨ ᠤ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/2
   8 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠵᠧᠤ ᠬᠠᠶ ᠮᠢᠨ᠂ ᠯᠢᠦ ᠽᠧᠩ ᠰᠢ᠂ ᠸᠠᠩ ᠵᠢᠶᠦ᠋ᠨ ᠭᠦᠸᠧ᠂ ᠰᠢᠤᠢ ᠸᠧᠨ ᠵᠢᠶᠧ᠂ ᠰᠥᠩ ᠴᠢ ᠵᠧ᠂ ᠰᠦᠨ ᠸᠧᠶ ᠨᠠᠨ᠂ ᠯᠢ ᠭᠦᠸᠧ ᡁᠢ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠦᠷᠦᠯ ᠵᠦᠢᠯ ᠤᠨ ᠪᠦᠳᠦᠭᠡᠨ

ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠵᠢᠴᠢ ᠳᠡᠭᠡᠷ᠎ᠡ ᠬᠠᠭᠠᠰ ᠵᠢᠯ ᠤᠨ ᠠᠵᠤ

ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠳᠡᠭᠡᠷᠡᠬᠢ ᠤᠳᠤᠷᠢᠳᠤᠯᠭ᠎ᠠ ᠶᠢᠨ ᠶᠠᠷᠢᠶ᠎ᠠ᠂ ᠪᠠᠶᠢᠳᠠᠯ ᠤᠨ

ᠮᠡᠳᠡᠭᠡᠯᠡᠯ ᠢ ᠤᠯᠠᠮᠵᠢᠯᠠᠨ ᠰᠤᠷᠤᠯᠴᠠᠪᠠ︔ ︽ᠬᠤᠤᠯᠢᠩᠭᠤᠤᠯ ᠬᠤᠳᠠ ᠶᠢᠨ ᠬᠤᠳᠠ ᠶᠢᠨ ᠲᠥᠯᠥᠪᠵᠢᠭᠦᠯᠭᠡ

ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠭᠦᠢᠴᠡᠳᠬᠡᠯ ᠲᠤᠭ᠎ᠠ ᠶᠢᠨ ᠬᠤᠳᠠ ᠶᠢᠨ ᠶᠠᠰᠤ ᠴᠢᠨᠠᠷ ᠢ ᠪᠦᠬᠦ

ᠲᠠᠯ᠎ᠠ ᠪᠠᠷ ᠳᠡᠭᠡᠭᠰᠢᠯᠡᠭᠦᠯᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠬᠤᠤᠯᠢᠩᠭᠤᠤᠯ

ᠬᠤᠳᠠ ᠶᠢᠨ ᠬᠡᠰᠡᠭ ᠵᠠᠰᠠᠭ ᠵᠠᠬᠢᠷᠭᠠᠨ ᠤ ᠡᠷᠬᠡ ᠶᠢ ᠬᠥᠳᠡᠯᠦᠩᠭᠦᠢ ᠪᠠᠷ ᠲᠣᠬᠢᠷᠠᠭᠤᠯᠬᠤ ᠶᠠᠪᠤᠳᠠᠯ︾ ᠵᠡᠷᠭᠡ

ᠵᠥᠪᠯᠡᠯᠭᠡ ᠶᠢᠨ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ᠃

   ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠬᠤᠷᠠᠯ ᠤᠨ ᠵᠣᠷᠢᠭ ᠰᠠᠨᠠᠭ᠎ᠠ ᠶᠢ

ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ︽ᠲᠥᠷᠥᠯ ᠵᠦᠢᠯ ᠢᠶᠠᠷ ᠭᠤᠤᠯ ᠪᠣᠯᠭᠠᠵᠤ᠂ ᠬᠤᠳᠠᠯᠳᠤᠭᠠᠴᠢᠨ

ᠤᠷᠢᠬᠤ ᠪᠠᠷ ᠭᠤᠤᠯ ᠪᠣᠯᠭᠠᠬᠤ︾ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠣᠷᠳᠣ

ᠬᠤᠭᠤᠴᠠᠭ᠎ᠠ ᠪᠠᠷ ᠪᠠᠷᠢᠮᠲᠠᠯᠠᠨ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠦᠨᠡᠨ ᠬᠦ

ᠴᠢᠩᠭᠠᠳᠬᠠᠵᠤ᠂ ᠵᠣᠷᠢᠭ ᠰᠠᠨᠠᠭ᠎ᠠ ᠪᠠᠨ ᠬᠥᠪᠴᠢᠯᠡᠨ᠂ ᠵᠣᠷᠢᠭᠲᠠᠶ ᠪᠠᠷ ᠬᠦᠴᠢᠷ ᠢ ᠰᠥᠷᠦᠨ ᠤᠷᠤᠭᠰᠢᠯᠠᠵᠤ᠂

ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠪᠠ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠬᠤ ᠦᠢᠯᠡᠳᠦᠯᠭᠡ ᠶᠢᠨ ᠳᠤᠮᠳᠠ ᠪᠠᠶᠢᠪᠠᠰᠤ ᠵᠣᠬᠢᠬᠤ ᠬᠠᠷᠢᠭᠤᠴᠠᠯᠭ᠎ᠠ ᠪᠠ ᠵᠢᠳᠬᠦᠯ ᠴᠢᠷᠮᠠᠶᠢᠯᠭ᠎ᠠ ᠪᠠᠨ

ᠢᠯᠡᠷᠡᠭᠦᠯᠬᠦ ᠬᠡᠷᠡᠭᠲᠡᠶ᠃ ᠵᠣᠬᠢᠴᠠᠩᠭᠤᠢ ᠪᠠᠷ ᠬᠥᠭᠵᠢᠭᠦᠯᠬᠦ ᠤᠢᠢᠯᠠᠭᠠᠭᠳᠠᠬᠤᠨ ᠢ ᠪᠠᠷᠢᠮᠲᠠᠯᠠᠵᠤ᠂ ᠬᠤᠳᠠ ᠶᠢᠨ

ᠬᠥᠭᠵᠢᠯᠲᠡ ᠶᠢᠨ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂

ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠳᠠ ᠶᠢᠨ ᠶᠠᠰᠤ ᠴᠢᠨᠠᠷ ᠢ ᠪᠦᠬᠦ

ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ

ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ

ᠪᠠᠶᠢᠭᠤᠯᠤᠨ ᠨᠢᠭᠡᠨᠲᠡ ᠪᠠᠶᠢᠭ᠎ᠠ ᠡᠷᠬᠡ ᠶᠢᠨ ᠵᠦᠢᠯᠡᠰ ᠲᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠰᠢᠨ᠎ᠡ ᠪᠠᠷ

ᠨᠡᠮᠡᠭᠳᠡᠭᠰᠡᠨ ᠡᠷᠬᠡ ᠶᠢᠨ ᠵᠦᠢᠯᠡᠰ ᠲᠤ ᠪᠣᠳᠠᠲᠠᠶ ᠲᠤᠬᠠᠶᠢᠯᠠᠭᠰᠠᠨ ᠠᠵᠢᠯ ᠲᠠᠢ ᠤᠶᠠᠯᠳᠤᠭᠤᠯᠤᠨ ᠴᠠᠭ ᠲᠤᠬᠠᠶ ᠳᠤᠨᠢ

ᠰᠤᠳᠤᠯᠤᠨ ᠪᠠᠶᠢᠷᠢᠯᠠᠭᠤᠯᠵᠤ᠂ ᠡᠷᠬᠡ ᠶᠢᠨ ᠵᠦᠢᠯᠡᠰ ᠢ ᠬᠦᠴᠦᠨ ᠥᠬᠡᠶ ᠪᠣᠯᠭᠠᠵᠤ᠂ ᠪᠦᠲᠦᠮᠵᠢᠲᠡᠶ ᠬᠢᠨᠠᠯᠲᠠ

ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠬᠢᠨᠠᠯᠲᠠ ᠬᠠᠮᠢᠶᠠᠷᠤᠯᠲᠠ ᠶᠢᠨ ᠪᠠᠯᠠᠶ ᠣᠷᠣᠨ ᠭᠠᠷᠬᠤ ᠶᠢ

ᠰᠡᠷᠭᠡᠶᠢᠯᠡᠵᠦ᠂ ᠡᠷᠬᠡ ᠶᠢᠨ ᠨᠠᠷᠢᠨ ᠲᠠᠩᠰᠠ ᠶᠢᠨ ᠵᠠᠰᠠᠭ ᠤᠨ ᠣᠷᠳᠣᠨ ᠤ ᠵᠠᠰᠠᠯᠲᠠ ᠳᠤ ᠦᠵᠡᠭᠦᠯᠬᠦ ᠢᠳᠡᠪᠬᠢ

ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ᠃ ᠬᠠᠮᠲᠤ ᠪᠠᠷ ᠵᠠᠰᠠᠬᠤ ᠬᠦᠴᠦᠯᠡᠬᠦ ᠴᠡᠭ ᠢ ᠣᠨᠣᠪᠴᠢᠲᠠᠢ ᠣᠯᠵᠤ

᠂ ᠡᠷᠬᠢᠨ ᠲᠣᠭᠤᠷᠢᠨ ᠤ ᠬᠤᠳᠠ ᠯᠤᠭ᠎ᠠ ᠶᠢᠨ ᠰᠠᠶᠢᠨ ᠰᠠᠶᠢᠬᠠᠨ ᠬᠤᠷᠰᠢᠯᠴᠠᠭ᠎ᠠ ᠶᠢ ᠲᠠᠰᠤᠷᠠᠯᠳᠠ ᠦᠭᠡᠢ

ᠥᠷᠭᠡᠳᠬᠡᠵᠦ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ ᠪᠣᠯᠤᠨ ᠨᠡᠶᠢᠭᠡᠮ ᠤᠨ ᠲᠠᠩ ᠭᠠᠭᠴᠠ ᠭᠤᠣᠯ

ᠴᠣᠭᠴᠠ ᠶᠢᠨ ᠵᠠᠰᠠᠯᠲᠠ ᠶᠢᠨ ᠬᠢᠵᠠᠭᠠᠷᠲᠤ ᠴᠢᠨᠠᠷ ᠢ ᠨᠥᠬᠦᠪᠥᠷᠢᠯᠡᠵᠦ᠂ ᠣᠷᠣᠨ ᠪᠦᠰᠡ ᠶᠢᠨ ᠬᠠᠮᠵᠢᠯᠴᠠᠭᠠᠨ ᠤ ᠴᠢᠨᠠᠷ

ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠪᠣᠬᠢᠷᠲᠤᠯ ᠥᠬᠡᠶ ᠠᠵᠤ ᠠᠬᠤᠶ ᠶᠢᠨ ᠨᠡᠮᠡᠭᠳᠡᠯ ᠤᠨ ᠴᠡᠭ ᠢ

ᠪᠤᠶᠢᠵᠢᠭᠤᠯᠵᠤ᠂ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠬᠦᠴᠦᠯᠡᠨ ᠠᠬᠢᠭᠤᠯᠵᠤ᠂ ᠲᠤᠤᠷ᠎ᠠ

ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠᠳᠤ ᠮᠣᠩᠭᠤᠯ ᠬᠤᠶᠠᠷ

ᠲᠠᠯ᠎ᠠ ᠶᠢᠨ ᠨᠡᠭᠦᠷᠡᠰᠦᠲᠥ᠋ᠷᠥᠭᠴᠢ ᠥᠬᠡᠶ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠶᠢ ᠥᠨᠳᠥᠷ

ᠲᠦᠪᠰᠢᠨ ᠢᠶᠠᠷ ᠨᠠᠶᠢᠷᠠᠭᠤᠯᠤᠨ ᠵᠣᠬᠢᠶᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ

ᠬᠥᠭᠵᠢᠯᠲᠡ ᠳᠤ ᠪᠣᠬᠢᠷᠲᠤᠯ ᠥᠬᠡᠶ ᠰᠠᠭᠤᠷᠢ ᠦᠩᠬᠡ ᠳᠡᠪᠢᠰᠬᠦ ᠬᠡᠷᠡᠭᠲᠡᠶ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号