ᠵᠢᠢ ᠬᠠᠶ ᠶᠠᠩ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠶ ᠶᠠᠩ ᠪᠦᠯᠬᠦᠮ ᠳᠠᠭᠠᠭᠤᠯᠤᠨ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠤ ᠬᠠᠶ ᠮᠢᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠵᠢᠴᠢ ᠡᠯ᠎ᠡ ᠰᠤᠷᠭᠠᠭᠤᠯᠢ ᠶᠢᠨ ᠪᠠᠭᠰᠢ ᠠᠵᠢᠯᠲᠠᠨ ᠤ ᠲᠥᠯᠥᠭᠡᠯᠡᠭᠴᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠶᠠᠷᠢᠯᠴᠠᠬᠤ ᠬᠤᠷᠠᠯ ᠳᠤ ᠣᠷᠣᠯᠴᠠᠵᠠᠶ᠃

  ᠵᠢᠢ ᠬᠠᠶ ᠶᠠᠩ ᠨᠠᠷ ᠤᠷᠢᠳ ᠬᠤᠵᠢᠳ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ᠂ ᠵᠢᠷᠭᠤᠳᠤᠭᠠᠷ

ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠨᠢᠭᠡᠳᠦᠭᠡᠷ ᠪᠠᠭ᠎ᠠ ᠰᠤᠷᠭᠠᠭᠤᠯᠢ

ᠵᠡᠷᠭᠡ ᠭᠠᠵᠠᠷ ᠲᠤ ᠬᠦᠷᠴᠦ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ᠂ ᠪᠠᠭᠰᠢ ᠶᠢᠨ ᠲᠣᠬᠢᠷᠠᠭᠤᠯᠤᠯᠲᠠ᠂

ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ

ᠪᠥᠭᠡᠳ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠵᠠᠢ᠃ ᠲᠠᠷᠠᠭ᠎ᠠ ᠨᠢ᠂ ᠶᠠᠷᠢᠯᠴᠠᠬᠤ ᠬᠤᠷᠠᠯ

ᠳᠡᠭᠡᠷ᠎ᠡ᠂ ᠡᠯ᠎ᠡ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠲᠥᠯᠥᠭᠡᠯᠡᠭᠴᠢ ᠪᠣᠯᠤᠨ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠨᠥᠬᠦᠳ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠪᠠᠭᠰᠢ ᠶᠢᠨ ᠬᠦᠴᠦᠨ ᠢ

ᠴᠢᠩᠭᠠᠳᠬᠠᠬᠤ᠂ ᠰᠤᠷᠭᠠᠨ ᠬᠥᠮᠦᠵᠢᠯ ᠤᠨ ᠰᠢᠰᠲ᠋ᠧᠮ ᠢ ᠲᠡᠰ ᠳᠡᠪᠰᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢᠨ

ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃

  ᠵᠢᠢ ᠬᠠᠶ ᠶᠠᠩ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ

ᠠᠯᠬᠤᠮ ᠴᠢᠯᠥᠭᠡᠯᠡᠵᠦ᠂ ᠰᠤᠷᠭᠠᠨ ᠬᠥᠮᠦᠵᠢᠯ ᠤᠨ ᠦᠶ᠋ᠯᠡᠰ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠠᠷᠠᠳ

ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠡᠨᠡ ᠬᠦ ᠭᠤᠤᠯᠳᠠᠯᠭ᠎ᠠ ᠶᠢᠨ

ᠲᠣᠭᠤᠷᠢᠨ ᠳᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ

ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠭᠤᠯᠢ

ᠡᠷᠭᠢᠯᠡᠬᠦ ᠨᠥᠬᠦᠴᠡᠯ ᠢ ᠴᠢᠷᠮᠠᠶᠢᠨ ᠰᠠᠶᠢᠵᠢᠷᠠᠭᠤᠯᠵᠤ᠂ ᠮᠠᠨ ᠤ ᠬᠤᠲᠠ ᠶᠢᠨ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠪᠠᠭᠰᠢ ᠶᠢᠨ ᠬᠦᠴᠦᠨ ᠢ ᠬᠥᠮᠦᠵᠢᠭᠦᠯᠬᠦ ᠶᠢ

ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂

ᠪᠠᠭᠰᠢ ᠶᠢᠨ ᠡᠩᠨᠡᠭᠡᠨ ᠤ ᠦᠢᠯᠡᠳᠦᠯᠴᠡᠨ ᠰᠣᠯᠢᠯᠴᠠᠬᠤ ᠶᠢ ᠴᠢᠩᠭᠠᠳᠬᠠᠵᠤ᠂ ᠪᠠᠭᠰᠢ ᠶᠢ ᠬᠦᠨᠳᠦᠳᠬᠡᠵᠦ ᠰᠤᠷᠭᠠᠨ

ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠠᠭᠰᠢ ᠶᠢᠨ ᠡᠩᠨᠡᠭᠡᠨ ᠤ

ᠬᠠᠷᠢᠶᠠᠯᠠᠭᠳᠠᠬᠤ ᠰᠡᠳᠬᠢᠯᠭᠡ ᠪᠠ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠠᠯ᠎ᠠ ᠶᠢᠨ

ᠬᠠᠮᠲᠤᠷᠠᠯ ᠤᠨ ᠬᠦᠴᠦᠨ ᠢ ᠭᠦᠢᠴᠡᠳ ᠨᠢᠭᠲᠠᠷᠠᠭᠤᠯᠵᠤ᠂ ᠬᠤᠳᠠ ᠶᠢᠨ ᠰᠤᠷᠭᠠᠨ ᠬᠥᠮᠦᠵᠢᠯ ᠤᠨ ᠠᠵᠢᠯ ᠤᠨ

ᠤᠳᠤᠷᠢᠳᠬᠤ ᠳᠤᠭᠤᠶᠢᠯᠠᠩ ᠤᠨ ᠬᠢᠨ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ

ᠪᠠᠳᠠᠷᠠᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ

ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠢ

ᠬᠠᠯᠠᠮᠵᠢᠯᠠᠵᠤ᠂ ᠰᠤᠷᠭᠠᠨ ᠬᠥᠮᠦᠵᠢᠯ ᠢ ᠳᠡᠮᠵᠢᠵᠦ᠂ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ᠂ ᠪᠠᠭᠰᠢ ᠶᠢ

ᠲᠡᠷᠢᠭᠦᠨ ᠳᠤ ᠲᠠᠯᠪᠢᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ

ᠬᠠᠮᠲᠤᠳᠬᠠᠵᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ

ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ

ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

 

 
ᠢᠷᠡᠯᠲᠡ᠄ ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号