ᠬᠤᠤᠯᠢᠩᠭᠤᠤᠯ ᠬᠤᠳᠠ 40 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/9/11
   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠪᠠᠶ ᠬᠤᠸᠠ᠂ ᠱᠠᠨ ᠯᠢᠶᠠᠨ ᠾᠧᠩ ᠂ ᠵᠧᠤ ᠬᠠᠶ ᠮᠢᠨ᠂ ᠯᠢᠦ ᠵᠧ ᠬᠤᠸᠠ᠂ ᠯᠢᠦ ᠽᠧᠩ ᠰᠢ᠂ ᠤᠯᠠᠭᠠᠠᠤᠳᠦ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠪᠦᠷᠢᠯᠳᠦᠬᠦᠨ ᠵᠢᠴᠢ ᠪᠥᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠨᠠᠷ ᠤᠨ ᠲᠥᠯᠥᠭᠡᠯᠡᠭᠴᠢ 700 ᠭᠠᠷᠤᠶ ᠬᠥᠮᠦᠨ ᠬᠤᠷᠠᠯ ᠳᠤ ᠣᠷᠣᠯᠴᠠᠵᠠᠶ᠃

   ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ

ᠰᠡᠬᠦᠵᠦ᠂ ᠪᠦᠬᠦ ᠬᠥᠮᠦᠰ ᠲᠥᠪ ᠬᠢᠴᠢᠶᠡᠩᠭᠦᠢ ᠪᠠᠷ ᠵᠣᠭᠰᠣᠵᠤ᠂ ᠤᠯᠤᠰ ᠤᠨ ᠰᠦᠯᠳᠡ ᠲᠠᠭᠤᠤ ᠳᠠᠭᠤᠯᠠᠪᠠ᠃

ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ

ᠬᠠᠮᠲᠤ ᠪᠠᠷ ᠦᠭᠡ ᠬᠡᠯᠡᠪᠡ᠃ ᠬᠤᠣᠯᠢᠩᠭᠤᠣᠯ ᠬᠤᠳᠠ ᠶᠢᠨ ᠰᠣᠷᠭᠠᠨ ᠬᠦᠮᠦᠵᠢᠯ ᠤᠨ ᠬᠦᠭᠵᠢᠯᠳᠡ ᠶᠢᠨ ᠰᠠᠭᠤᠷᠢ

ᠮᠦᠩᠬᠦᠨ ᠤ ᠨᠡᠶᠢᠬᠡᠮᠯᠢᠭ ᠨᠢ ᠰᠣᠷᠭᠠᠨ ᠬᠦᠮᠦᠵᠢᠯ ᠤᠨ ᠳᠡᠷᠢᠬᠦᠨ ᠤ ᠬᠠᠮᠳᠣ ᠪᠠ ᠳᠡᠷᠢᠬᠦᠨ ᠤ ᠬᠤᠪᠢ ᠬᠦᠮᠦᠨ ᠢ

ᠬᠦᠬᠢᠬᠦᠯᠦᠨ ᠰᠠᠶᠢᠰᠢᠶᠠᠵᠠᠢ᠃

   ᠵᠢᠢ ᠬᠠᠶ ᠶᠠᠩ ᠪᠥᠬᠦ ᠬᠤᠲᠠ ᠶᠢᠨ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ

ᠡᠳᠦᠷ ᠤᠨ ᠮᠡᠨᠳᠦᠴᠢᠯᠡᠯ ᠳᠡᠪᠰᠢᠭᠦᠯᠵᠦ᠂ ᠬᠥᠬᠢᠭᠦᠯᠦᠯ ᠭᠥᠷᠳᠡᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ

ᠬᠥᠮᠦᠨ ᠳᠤ ᠬᠠᠯᠠᠭᠤᠨ ᠪᠠᠶᠠᠷ ᠬᠦᠷᠭᠡᠪᠡ᠃ ᠲᠡᠷᠡ᠂ ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠠᠵᠤ ᠠᠬᠤᠶ

ᠪᠠ ᠨᠡᠶᠢᠭᠡᠮ ᠤᠨ ᠦᠢᠯᠡᠰ ᠤᠨ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ᠪᠥᠬᠦ

ᠬᠤᠲᠠ ᠪᠠᠷ ᠢᠶᠠᠨ ︽ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾

ᠭᠡᠬᠦ ᠭᠤᠤᠯᠳᠠᠯᠭ᠎ᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ

ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ

ᠰᠢᠯᠢᠳᠡᠭᠵᠢᠭᠦᠯᠦᠨ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ

ᠪᠠᠶᠢᠳᠠᠯ ᠢᠯᠡᠷᠡᠪᠡ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂

ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠨᠡᠩ

ᠲᠤᠪᠤᠶᠢᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠨᠡᠩ ᠯᠠᠪᠳᠠᠭᠤᠨ ᠪᠠᠲᠤᠲᠠᠢ ᠰᠠᠶᠢᠲᠤᠷ

ᠬᠢᠵᠦ᠂ ᠰᠠᠭᠤᠷᠢ ᠰᠤᠷᠭᠠᠨ ᠬᠥᠮᠦᠵᠢᠯ ᠢ ᠰᠠᠶᠢᠲᠤᠷ ᠬᠢᠵᠦ ᠪᠣᠳᠠᠲᠠᠢ ᠡᠷᠬᠢᠯᠡᠬᠦ ᠪᠠᠷ ᠴᠢᠷᠮᠠᠶᠢᠵᠤ᠂ ᠡᠨᠡ ᠬᠦ ᠴᠢᠬᠤᠯᠠ

ᠶᠡᠭᠡ ᠠᠷᠠᠳ ᠤᠨ ᠠᠮᠢᠳᠤᠷᠠᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠶᠣᠰᠣ

ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠣᠳᠠᠲᠠᠢ ᠴᠢᠩᠭ᠎ᠠ ᠠᠳᠬᠤᠵᠤ᠂ ᠰᠢᠯᠢᠳᠡᠭ

ᠪᠠᠭᠰᠢ ᠶᠢᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ

ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠵᠤ᠂ ᠮᠠᠨ ᠤ ᠬᠤᠲᠠ ᠶᠢᠨ ᠰᠤᠷᠭᠠᠨ

ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠡᠢ᠃ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠦᠭᠡ ᠳᠠᠭᠤᠨ

ᠦᠭᠡᠢ ᠪᠠᠷ ᠴᠢᠷᠮᠠᠶᠢᠨ ᠠᠵᠢᠯᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠢᠨᠲᠠᠷᠠᠰᠢ ᠦᠭᠡᠢ

ᠴᠢᠷᠮᠠᠶᠢᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ

ᠪᠠᠲᠤᠯᠠᠵᠤ᠂ ᠰᠢᠨ᠎ᠡ ᠴᠠᠭ ᠦᠶ᠎ᠡ ᠶᠢᠨ ᠬᠤᠤᠯᠢᠩᠭᠤᠤᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ

ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ

ᠵᠢᠭᠠᠵᠤ ᠭᠠᠷᠭᠠᠪᠠ᠃

   ᠬᠤᠷᠠᠯ ᠤᠨ ᠳᠠᠷᠠᠭ᠎ᠠ᠂ ᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ ᠪᠠᠰᠠ ᠪᠠᠭᠰᠢ ᠰᠤᠷᠤᠭᠴᠢᠳ ᠤᠨ

ᠲᠥᠯᠥᠭᠡᠯᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠦᠵᠡᠭᠦᠯᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号