9 ᠰᠠᠷ᠎ᠠ ᠶᠢᠨ 10 ᠤ ᠡᠳᠦᠷ᠂ ᠪᠢᠨ ᠾᠧ ᠨᠡᠶᠢᠭᠡᠮ ᠲᠣᠭᠤᠷᠢᠭ ᠤᠨ ᠵᠢᠩ ᠬᠤ᠋ ᠨᠠᠨ ᠶᠤᠸᠠᠨ ᠪᠠᠭ᠎ᠠ | ᠲᠣᠭᠤᠷᠢᠭ ᠤᠨ ᠲᠡᠮᠦᠷ ᠬᠠᠪᠳᠠᠰᠦ ᠪᠠᠷ ᠰᠢᠨ᠎ᠡ ᠬᠤᠪᠴᠠᠰᠤ ᠰᠣᠯᠢᠵᠤ᠂ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠣᠷᠴᠢᠨ ᠲᠣᠭᠤᠷᠢᠨ ᠳᠤ ᠰᠢᠨ᠎ᠡ ᠳᠦᠷᠰᠦ ᠪᠠᠶᠢᠳᠠᠯ ᠰᠣᠯᠢᠪᠠ᠃ | | | | | ᠵᠢᠩ ᠬᠤ᠋ ᠨᠠᠨ ᠶᠤᠸᠠᠨ ᠰᠠᠭᠤᠭᠠᠯᠢ ᠲᠣᠭᠤᠷᠢᠭ ᠪᠠᠶᠢᠭᠤᠯᠤᠭᠳᠠᠭᠰᠠᠨ ᠴᠠᠭ ᠨᠢ ᠨᠡᠯᠢᠶᠡᠳ ᠤᠳᠠᠭᠠᠨ᠂ | ᠰᠠᠭᠤᠭᠠᠯᠢ ᠲᠣᠭᠤᠷᠢᠭ ᠤᠨ ᠲᠡᠮᠦᠷ ᠬᠠᠪᠲᠠᠰᠤ ᠪᠠᠷ ᠬᠦᠷᠢᠶᠡᠯᠡᠭᠰᠡᠨ ᠰᠠᠯᠬᠢ ᠪᠣᠷᠣᠭᠠᠨ ᠳᠤ ᠨᠣᠷᠣᠭᠰᠠᠨ ᠵᠢᠴᠢ | ᠤᠷᠭᠤᠮᠠᠯ ᠤᠨ ᠢᠳᠡᠭᠳᠡᠯ ᠠᠴᠠ ᠪᠣᠯᠵᠤ ᠬᠦᠨᠳᠦ ᠨᠣᠴᠢᠲᠠᠶ ᠢᠯᠵᠠᠷᠠᠵᠤ᠂ ᠵᠢᠵᠢᠭ ᠲᠣᠭᠤᠷᠢᠭ ᠤᠨ ᠪᠦᠬᠦᠯᠢ | ᠴᠣᠭᠴᠠ ᠶᠢᠨ ᠭᠤᠶᠤ ᠪᠠᠶᠢᠳᠠᠯ ᠢ ᠨᠥᠯᠥᠭᠡᠯᠡᠬᠦ ᠮᠥᠷᠲᠡᠭᠡᠨ ᠪᠠᠰᠠ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠭᠡᠮ | ᠣᠷᠣᠰᠢᠵᠤ ᠪᠠᠶᠢᠨ᠎ᠠ᠃ ︽ᠡᠨᠡ ᠬᠦ ᠲᠡᠮᠦᠷ ᠬᠠᠪᠳᠠᠰᠦᠨ ᠪᠦᠰᠡᠯᠡᠭᠦᠷ ᠨᠢ ᠰᠠᠭᠤᠭᠠᠯᠢ ᠠᠷᠠᠳ ᠤᠨ ᠠᠮᠢᠳᠤᠷᠠᠯ ᠤᠨ | ᠲᠣᠭᠤᠷᠢᠭ ᠲᠠᠢ ᠣᠶᠢᠷᠠᠳᠴᠤ᠂ ᠰᠠᠭᠤᠭᠠᠯᠢ ᠠᠷᠠᠳ ᠤᠳᠠᠭ᠎ᠠ ᠪᠦᠷᠢ ᠡᠨᠡ ᠬᠠᠪᠢ ᠪᠠᠷ ᠶᠠᠪᠤᠬᠤ᠂ ᠲᠡᠷᠭᠡ | ᠵᠣᠭᠰᠣᠬᠤ ᠳᠤ ᠰᠡᠳᠬᠢᠯ ᠵᠢᠷᠦᠬᠡ ᠪᠠᠨ ᠬᠤᠯᠪᠣᠵᠤ᠂ ᠤᠷᠲᠤ ᠬᠤᠭᠤᠴᠠᠭ᠎ᠠ ᠪᠠᠷ ᠵᠠᠰᠠᠨ ᠰᠡᠯᠪᠢᠬᠦ ᠦᠭᠡᠢ᠂ ᠪᠠᠶᠢᠳᠠᠯ | ᠬᠦᠨᠳᠦᠷᠡᠪᠡᠯ ᠰᠠᠭᠤᠭᠠᠯᠢ ᠠᠷᠠᠳ ᠤᠨ ᠪᠡᠶ᠎ᠡ ᠶᠢᠨ ᠠᠮᠤᠷ ᠲᠦᠪᠰᠢᠨ ᠢ ᠬᠤᠬᠢᠷᠠᠭᠤᠯᠤᠨ᠎ᠠ︾ ᠭᠡᠵᠦ ᠪᠢᠨ ᠾᠧ ᠨᠡᠢᠭᠡᠮ | ᠲᠣᠭᠤᠷᠢᠭ ᠤᠨ ᠨᠠᠮ ᠤᠨ ᠡᠭᠦᠷ ᠤᠨ ᠱᠦᠵᠢ ᠵᠠᠩ ᠴᠤᠤ ᠪᠠᠶᠢᠳᠠᠯ ᠢ ᠤᠶᠢᠯᠭᠠᠨ ᠶᠠᠷᠢᠪᠠ᠃ | | | | | | | | ᠪᠢᠨ ᠾᠧ ᠨᠡᠶᠢᠭᠡᠮ ᠲᠣᠭᠤᠷᠢᠭ ᠲᠣᠰ ᠪᠠᠶᠢᠳᠠᠯ ᠢ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾ ᠤᠨ | ᠲᠥᠷᠥᠯ ᠵᠦᠢᠯ ᠪᠣᠯᠭᠠᠨ ᠴᠠᠭ ᠲᠤᠬᠠᠶ ᠳᠤᠨᠢ ᠵᠡᠭᠡᠯᠢ ᠭᠤᠳᠤᠮᠵᠢ ᠶᠢᠨ ᠬᠤᠲᠠ ᠶᠢᠨ ᠬᠠᠮᠢᠶᠠᠷᠤᠯᠲᠠ ᠶᠢᠨ ᠠᠯᠪᠠᠨ | ᠬᠡᠷ ᠲᠤ ᠮᠡᠳᠡᠭᠦᠯᠵᠦ᠂ ᠣᠯᠠᠨ ᠲᠠᠯ᠎ᠠ ᠪᠠᠷ ᠴᠢᠷᠮᠠᠶᠢᠨ᠂ ᠡᠴᠦᠰ ᠲᠡᠭᠡᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ︽ᠠᠷᠠᠳ ᠲᠦᠮᠡᠨ ᠳᠤ ᠦᠢᠯᠡᠴᠢᠯᠡᠬᠦ ᠪᠠᠯᠠ ᠮᠥᠩᠭᠦ︾ ᠶᠢᠨ ᠲᠥᠷᠥᠯ ᠵᠦᠢᠯ ᠢᠶᠠᠷ ᠬᠡᠷᠡᠮ ᠢ ᠰᠡᠯᠪᠢᠨ | ᠵᠠᠰᠠᠬᠤ ᠠᠵᠢᠯ ᠢ ᠡᠬᠢᠯᠡᠭᠦᠯᠵᠦ᠂ ᠤᠤᠯ ᠤᠨ ᠡᠪᠳᠡᠷᠡᠵᠦ ᠬᠠᠭᠤᠴᠢᠷᠠᠭᠰᠠᠨ ᠲᠡᠮᠦᠷ ᠬᠠᠪᠲᠠᠰᠤ᠂ ᠬᠠᠯᠬᠠᠪᠴᠢ | ᠬᠡᠷᠡᠰᠬᠡ ᠶᠢ ᠨᠤᠷᠠᠭᠠᠵᠤ᠂ A ᠲᠣᠭᠤᠷᠢᠭ᠂ BCD ᠲᠣᠭᠤᠷᠢᠭ ᠲᠤ 470 ᠮᠧᠲᠷ ᠤᠨ ᠲᠣᠭᠤᠰᠬᠠᠨ ᠬᠡᠷᠡᠮ | ᠰᠢᠨ᠎ᠡ ᠪᠠᠷ ᠪᠠᠷᠢᠭᠰᠠᠨ ᠬᠡᠷᠡᠮ ᠢ ᠨᠤᠷᠠᠭᠠᠪᠠ᠃ ᠪᠠᠷᠢᠯᠭ᠎ᠠ ᠪᠠᠷᠢᠬᠤ ᠦᠶ᠎ᠡ ᠳᠤ᠂ ᠨᠡᠶᠢᠭᠡᠮ ᠲᠣᠭᠤᠷᠢᠭ ᠤᠨ ᠠᠵᠢᠯᠲᠠᠳ | ᠣᠯᠠᠨ ᠤᠳᠠᠭ᠎ᠠ ᠲᠤᠬᠠᠶ ᠶᠢᠨ ᠲᠠᠯᠠᠪᠤᠷ ᠲᠤ ᠬᠦᠷᠴᠦ᠂ ᠪᠠᠷᠢᠯᠭ᠎ᠠ ᠪᠠᠷᠢᠬᠤ ᠨᠢᠭᠡᠴᠡ ᠶᠢ ᠰᠢᠮᠳᠠᠭᠤᠯᠵᠤ ᠪᠠᠶᠢᠭᠠᠳ | ᠰᠡᠷᠭᠡᠶᠢᠯᠡᠯᠲᠡ ᠶᠢᠨ ᠫᠠᠶᠢᠰᠠ ᠪᠤᠰᠬᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠲᠣᠭᠤᠷᠢᠨ | ᠦᠵᠡᠭᠦᠯᠬᠦ ᠦᠭᠡᠶ ᠪᠠᠶᠢᠯᠭᠠᠵᠤ᠂ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠬᠠᠭᠠᠰ ᠰᠠᠷ᠎ᠠ | ᠰᠢᠬᠠᠮ ᠤᠨ ᠰᠡᠯᠪᠢᠨ ᠵᠠᠰᠠᠯᠲᠠ ᠪᠠᠷ ᠳᠠᠮᠵᠢᠨ᠂ ᠬᠦᠷᠢᠶ᠎ᠡ ᠬᠠᠰᠢᠶ᠎ᠠ ᠶᠢ ᠳᠠᠬᠢᠨ ᠪᠠᠶᠢᠭᠤᠯᠵᠤ᠂ ᠪᠦᠬᠦᠯᠢ ᠴᠣᠭᠴᠠ ᠶᠢᠨ | ᠭᠠᠳᠠᠷ ᠪᠠᠶᠢᠳᠠᠯ ᠨᠢ ᠴᠡᠪᠡᠷ ᠴᠡᠮᠴᠡᠭᠡᠷ᠂ ᠠᠭᠤᠵᠢᠭᠤ ᠪᠠᠶᠢᠵᠤ᠂ ᠵᠢᠵᠢᠭ ᠲᠣᠭᠤᠷᠢᠭ ᠤᠨ ᠥᠩᠭᠡ ᠵᠢᠰᠦ ᠶᠢ | ᠳᠡᠭᠡᠭᠰᠢᠯᠡᠭᠦᠯᠦᠭᠰᠡᠨ ᠪᠥᠭᠡᠳ ᠰᠠᠭᠤᠭᠠᠯᠢ ᠠᠷᠠᠳ ᠲᠤ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ | ᠲᠣᠭᠤᠷᠢᠨ ᠢ ᠡᠭᠦᠳᠴᠦ ᠥᠭᠴᠡᠶ᠃ | | | | | | | | ︽ᠨᠡᠶᠢᠭᠡᠮ ᠲᠣᠭᠤᠷᠢᠭ ᠡᠶᠢᠮᠦ ᠲᠦᠷᠭᠡᠨ ᠬᠦᠷᠢᠶ᠎ᠡ ᠬᠠᠰᠢᠶ᠎ᠠ ᠪᠠᠨ ᠵᠠᠰᠠᠵᠤ ᠳᠠᠭᠤᠰᠤᠭᠰᠠᠨ ᠢ ᠦᠨᠡᠬᠡᠷ ᠪᠣᠳᠣᠵᠤ | ᠣᠯᠤᠭᠰᠠᠨ ᠦᠭᠡᠢ᠂ ᠲᠠ ᠨᠠᠷ ᠦᠨᠡᠬᠡᠷ ᠰᠠᠭᠤᠭᠠᠯᠢ ᠠᠷᠠᠳ ᠤᠨ ᠶᠠᠪᠤᠳᠠᠯ ᠢ ᠰᠡᠳᠬᠢᠯ ᠳᠡᠭᠡᠨ ᠪᠤᠳᠤᠪᠠ᠂ ᠮᠠᠨ ᠤ | ᠨᠠᠰᠤᠲᠠᠨ ᠡᠨᠡ ᠬᠦ ᠰᠡᠯᠡᠭᠦᠴᠡᠯ ᠤᠨ ᠠᠵᠢᠯᠯᠠᠭ᠎ᠠ ᠶᠢᠨ ᠦᠶ᠎ᠡ ᠳᠤ ᠳᠠᠬᠢᠭᠠᠳ ᠠᠶᠤᠵᠤ ᠰᠠᠨᠳᠤᠷᠬᠤ ᠬᠡᠷᠡᠭ ᠦᠭᠡᠢ | ᠪᠣᠯᠵᠠᠢ︾ ᠭᠡᠵᠦ ᠰᠠᠭᠤᠭᠠᠯᠢ ᠠᠷᠠᠳ ᠯᠢᠦ ᠱᠤ᠋ ᠪᠠᠶᠠᠷᠲᠠᠶ ᠬᠡᠯᠡᠪᠡ᠃ | ᠲᠠᠷᠠᠭᠠᠴᠢ ᠶᠢᠨ ᠠᠯᠬᠤᠮ ᠳᠤ᠂ ᠪᠢᠨ ᠾᠧ ᠨᠡᠶᠢᠭᠡᠮ ᠲᠣᠭᠤᠷᠢᠭ ︽ᠮᠢᠩᠭ᠎ᠠ ᠮᠢᠩᠭᠠᠨ ᠰᠡᠢᠳᠪᠦᠷᠢᠯᠡᠬᠦ︾ | ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ | ᠂ ᠨᠠᠷᠢᠯᠢᠭ ᠲᠠᠯ᠎ᠠ ᠠᠴᠠ ᠭᠠᠷᠳᠠᠵᠤ᠂ ᠰᠠᠭᠤᠭᠠᠯᠢ ᠠᠷᠠᠳ ᠤᠨ ᠪᠠᠴᠢᠮ ᠪᠡᠷᠬᠡ ᠵᠣᠪᠠᠨᠢᠯ ᠤᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠰᠠᠭᠤᠭᠠᠯᠢ | ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | |