ᠬᠤᠤᠯᠢᠩᠭᠤᠤᠯ ᠬᠤᠲᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/12
    9 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠣᠣ ᡁᠢ ᠢᠦᠶ ᠨᠡᠷ ᠮᠠᠨ ᠤ ᠬᠤᠲᠠ ᠳᠤ ᠢᠷᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠤᠬᠠᠶ ᠮᠠᠨ ᠤ ᠬᠤᠲᠠ ᠳᠤ ᠢᠷᠡᠵᠦ ᠱᠠᠯᠠᠪᠳᠠᠭᠤᠯᠤᠨ ᠵᠢᠯᠣᠭᠤᠳᠴᠤ ᠲᠣᠭᠤᠷᠢᠨ ᠪᠠᠶᠢᠴᠠᠭᠠᠬᠤ ᠶᠢᠨ ᠬᠠᠮᠲᠤ ᠲᠤᠰᠬᠠᠶ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠵᠢᠢ ᠬᠠᠢ ᠶᠠᠩ᠂ ᠰᠦᠨ ᠸᠧᠶ ᠨᠠᠨ ᠵᠢᠴᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

   ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠰᠢᠷ᠎ᠠ ᠬᠦᠤᠷ ᠵᠡᠭᠡᠯᠢ

ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠦᠨ ᠸᠧᠶ ᠨᠠᠨ ᠮᠠᠨ ᠤ ᠬᠤᠲᠠ ᠶᠢᠨ ᠣᠷᠣᠨ

ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ

ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ

ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠳᠠᠷᠠᠭ᠎ᠠ ᠨᠢ᠂ ᠬᠤᠲᠠ ᠶᠢᠨ ᠣᠷᠣᠨ

ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ

ᠲᠣᠭᠤᠷᠢᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ

ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠮᠢᠶ᠎ᠠ ᠪᠥᠬᠦᠶ

ᠬᠠᠷᠢᠭᠤᠴᠠᠯᠭᠠᠲᠠᠨ ᠲᠣᠰ ᠲᠣᠰ ᠬᠠᠮᠢᠶ᠎ᠠ ᠪᠥᠬᠦᠶ ᠬᠦᠷᠢᠶᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ

ᠮᠡᠳᠡᠭᠦᠯᠪᠡ᠃

   ᠠᠵᠢᠯᠯᠠᠬᠤ ᠳᠤᠭᠤᠶᠢᠯᠠᠩ ᠮᠠᠨ ᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ

ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠮᠳᠠ ᠣᠯᠤᠭᠰᠠᠨ ᠠᠮᠵᠢᠯᠲᠠ ᠶᠢ ᠭᠦᠢᠴᠡᠳ

ᠨᠤᠲᠠᠯᠠᠭᠰᠠᠨ ᠤ ᠬᠠᠮᠲᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ

ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠵᠥᠪ ᠢᠶᠠᠷ ᠣᠶᠢᠯᠠᠭᠠᠵᠤ᠂ ᠪᠥᠬᠦ

ᠲᠠᠯ᠎ᠠ ᠪᠠᠷ ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠲᠦᠢᠯᠪᠤᠷᠢᠲᠠᠶ ᠴᠡᠭᠴᠡᠯᠡᠨ

ᠰᠠᠶᠢᠵᠢᠷᠠᠭᠤᠯᠵᠤ᠂ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ᠂

ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠵᠡᠷᠭᠡ ᠲᠣᠪᠤᠶᠢᠮ᠎ᠠ ᠠᠰᠠᠭᠤᠳᠠᠯ ᠢ ᠦᠨᠳᠦᠰᠦ

ᠰᠤᠷᠪᠤᠯᠵᠢ ᠠᠴᠠ ᠨᠢ ᠰᠢᠢᠳᠪᠦᠷᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠣᠳᠠᠲᠤ

ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠰᠠᠨᠠᠭᠠᠴᠢᠯᠠᠭ᠎ᠠ ᠠᠴᠠ ᠪᠠᠨ

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂

ᠠᠰᠠᠭᠤᠳᠠᠯ ᠢ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠨᠡᠶᠢᠲᠡᠯᠢᠭ ᠠᠰᠠᠭᠤᠳᠠᠯ᠂ ᠬᠦᠴᠢᠷ ᠠᠰᠠᠭᠤᠳᠠᠯ ᠤᠨ

ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ ᠦᠨᠳᠦᠰᠦᠨ ᠠᠴᠠ ᠨᠢ ᠵᠠᠰᠠᠬᠤ ᠠᠷᠭ᠎ᠠ ᠬᠡᠮᠵᠢᠶ᠎ᠡ ᠶᠢ

ᠰᠤᠳᠤᠯᠵᠤ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ

ᠬᠡᠷᠡᠭᠲᠡᠶ᠃ ᠬᠢᠨᠠᠨ ᠵᠢᠯᠣᠭᠤᠳᠴᠤ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ

ᠮᠥᠴᠢᠷ ᠤᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠣᠭᠲᠠᠮᠠᠯ ᠪᠤᠰᠤ

ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ᠬᠠᠷᠢᠭᠤᠴᠠᠯᠭ᠎ᠠ ᠨᠡᠬᠡᠮᠵᠢᠯᠡᠵᠦ

ᠬᠠᠷᠢᠭᠤᠴᠠᠯᠭ᠎ᠠ ᠲᠤᠯᠭᠠᠬᠤ ᠳᠦᠷᠢᠮ ᠢ ᠲᠡᠭᠦᠯᠳᠡᠷᠵᠢᠭᠦᠯᠵᠦ᠂ ᠴᠡᠭᠴᠡᠯᠡᠨ ᠵᠠᠰᠠᠬᠤ ᠲᠤᠰᠬᠠᠢ ᠠᠵᠢᠯ ᠤᠨ ᠶᠠᠰᠤ ᠴᠢᠨᠠᠷ

ᠦᠷ᠎ᠡ ᠪᠦᠲᠦᠮᠵᠢ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠤᠯᠢᠩᠭᠤᠤᠯ ᠤᠨ ᠠᠵᠤ ᠠᠬᠤᠢ ᠨᠡᠶᠢᠭᠡᠮ ᠤᠨ

ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号