ᠵᠢᠢ ᠬᠠᠶ ᠶᠠᠩ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/12
   9 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃

   ᠵᠢᠢ ᠬᠠᠢ ᠶᠠᠩ ᠨᠠᠷ ᠤᠷᠢᠳ ᠬᠤᠵᠢᠳ ᠴᠤᠸᠠᠩ ᠶᠤᠸᠠᠨ ᠲᠡᠮᠦᠷᠯᠢᠭ᠂ ᠯᠢᠶᠠᠨ ᠱᠧᠩ ᠰᠢᠨ᠎ᠡ ᠮᠠᠲ᠋ᠧᠷᠢᠶᠠᠯ᠂

ᠵᠢᠩ ᠹᠠᠨ ᠰᠢᠨ᠎ᠡ ᠮᠠᠲ᠋ᠧᠷᠢᠶᠠᠯ᠂ ᠴᠤᠸᠠᠩ ᠶᠢᠨ ᠰᠢᠨ᠎ᠡ ᠮᠠᠲ᠋ᠧᠷᠢᠶᠠᠯ᠂ ᠬᠤᠩ ᠱᠧᠩ ᠰᠢᠨ᠎ᠡ ᠮᠠᠲ᠋ᠧᠷᠢᠶᠠᠯ᠂ ᠾᠥᠸᠧ

ᠳ᠋ᠦ᠋ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠳᠤ ᠬᠦᠷᠴᠦ᠂ ᠬᠤᠯᠪᠣᠭᠳᠠᠯ ᠪᠦᠬᠦᠢ ᠪᠠᠶᠢᠳᠠᠯ ᠤᠨ

ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ

ᠬᠦᠴᠢᠷᠳᠡᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠡᠮᠬᠢᠯᠡᠬᠦ ᠶᠢᠨ ᠬᠠᠮᠲᠤ

ᠰᠢᠶ᠋ᠳᠪᠦᠷᠢᠯᠡᠵᠦ᠂ ᠲᠥᠷᠥᠯ ᠵᠦᠶ᠋ᠯ ᠤᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠪᠠ᠃

   ᠵᠢᠢ ᠬᠠᠢ ᠶᠠᠩ  ᠂ ᠣᠳᠣᠬᠠᠨ ᠳᠤ ᠶᠠᠭ ᠮᠠᠨ ᠤ ᠬᠤᠲᠠ ᠶᠢᠨ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠵᠣ ᠪᠠᠶᠢᠨ᠎ᠠ᠂ ᠠᠵᠤ ᠠᠬᠤᠶᠢᠯᠠᠯ ᠤᠨ ᠬᠢᠨ ᠣᠨ ᠤ ᠪᠥᠲᠥᠭᠡᠨ

ᠪᠠᠶᠢᠭᠤᠯᠤᠯᠲᠠ ᠶᠢᠨ ᠬᠠᠷᠠᠯᠲᠠ ᠪᠠᠨ ᠲᠣᠭᠲᠠᠭᠠᠵᠤ᠂ ᠠᠵᠢᠯ ᠤᠨ ᠬᠤᠭᠤᠴᠠᠭ᠎ᠠ ᠶᠢ ᠠᠮᠵᠢᠨ ᠠᠳᠬᠤᠵᠤ᠂ ᠲᠦᠷᠭᠡᠨ

ᠠᠵᠢᠯᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ

᠂ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ

ᠤᠯᠬᠤ ᠶᠢ ᠦᠨᠡᠨ ᠬᠦ ᠪᠠᠲᠤᠯᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ

ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠨᠢᠭᠡᠴᠡ ᠶᠢᠨ ᠬᠢᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ

ᠰᠡᠳᠬᠢᠯᠭᠡ ᠪᠠᠨ ᠪᠠᠲᠤᠯᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠡᠯ᠎ᠡ ᠲᠦᠷᠦᠯ ᠤᠨ ᠬᠦᠴᠢᠷ

ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ

ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠥᠭᠵᠢᠯᠲᠡ ᠪᠣᠯᠤᠨ ᠠᠮᠤᠷ

ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ

ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ

ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号