ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ 26 ᠤ ᠡᠳᠦᠷ ᠠᠯᠪᠠᠨ ᠵᠠᠷ ᠨᠡᠶᠢᠲᠡᠯᠡᠵᠦ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠲᠡᠭᠦᠨ ᠢ ᠬᠡᠷᠡᠭᠵᠢᠭᠦᠯᠬᠦ | ᠲᠦᠷᠢᠮ ᠢ ᠦᠨᠳᠦᠰᠦᠯᠡᠨ᠂ ︽ᠤᠯᠠᠮᠵᠢᠯᠠᠯᠲᠤ ᠢᠳᠡᠭᠡᠨ ᠪᠣᠯᠬᠤ ᠮᠥᠷᠲᠡᠭᠡᠨ ᠪᠠᠰᠠ ᠬᠢᠲᠠᠳ ᠡᠮ ᠤᠨ ᠮᠠᠲ᠋ᠧᠷᠢᠶᠠᠯ | ᠪᠤᠯᠬᠤ ᠪᠣᠳᠠᠰ ᠤᠨ ᠭᠠᠷᠴᠠᠭ ᠤᠨ ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ᠂ ᠠᠶᠤᠯᠭᠦᠶ ᠴᠢᠨᠠᠷ ᠤᠨ ᠦᠨᠡᠯᠡᠨ | ᠵᠢᠱᠢᠯᠲᠡ ᠬᠢᠬᠦ ᠪᠠᠷ ᠳᠡᠮᠵᠢᠨ᠂ ᠡᠳᠦᠭᠡ ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ ᠬᠡᠷᠢᠶᠡᠨ ᠨᠢᠳᠦ᠂ | ᠵᠦᠷᠵᠢ ᠶᠢᠨ ᠤᠯᠠᠭᠠᠨ ᠵᠡᠷᠭᠡ ᠵᠦᠢᠯ ᠤᠨ ᠪᠣᠳᠠᠰ ᠢ ᠤᠯᠠᠮᠵᠢᠯᠠᠯᠲᠤ ᠢᠳᠡᠭᠡᠨ ᠮᠥᠷᠲᠡᠭᠡᠨ ᠪᠠᠰᠠ ᠬᠢᠲᠠᠳ ᠡᠮ ᠤᠨ | ᠮᠠᠲ᠋ᠧᠷᠢᠶᠠᠯ ᠪᠤᠯᠬᠤ ᠪᠣᠳᠠᠰ ᠤᠨ ᠭᠠᠷᠴᠠᠭ ᠲᠤ ᠣᠷᠣᠭᠤᠯᠪᠠ᠃ ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ | ᠬᠡᠷᠢᠶᠡᠨ ᠨᠢᠳᠦ᠂ ᠵᠦᠷᠵᠢ ᠶᠢᠨ ᠤᠯᠠᠭᠠᠨ ︵地黄᠂ 麦冬᠂ 天冬᠂ 化橘︶ ᠵᠡᠷᠭᠡ 4 | ᠵᠦᠢᠯ ᠤᠨ ᠰᠢᠨ᠎ᠡ ᠪᠠᠷ ᠨᠡᠮᠡᠭᠳᠡᠭᠰᠡᠨ ᠢᠳᠡᠭᠡᠨ ᠪᠠ ᠡᠮ ᠤᠨ ᠪᠣᠳᠠᠰ ᠲᠤ ᠭᠤᠤᠯᠳᠠᠭᠤ ᠢᠳᠡᠭᠡᠨ ᠤ ᠠᠮᠤᠷ | ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠠᠷᠴᠢᠮ ᠪᠠ ᠠᠷᠭ᠎ᠠ ᠶᠢ ᠬᠡᠷᠡᠭᠯᠡᠨ ᠠᠮᠤᠷ ᠲᠦᠪᠰᠢᠨ ᠤ | ᠴᠢᠨᠠᠷᠲᠠᠶ ᠦᠨᠡᠯᠡᠨ ᠵᠢᠱᠢᠯᠲᠡ ᠬᠢᠬᠦ ᠶᠢᠨ ᠬᠠᠮᠲᠤ᠂ ᠲᠡᠭᠦᠨ ᠤ ᠮᠠᠨ ᠤ ᠤᠯᠤᠰ ᠤᠨ ᠤᠯᠠᠮᠵᠢᠯᠠᠯᠲᠤ ᠢᠳᠡᠭᠡᠨ | ᠪᠣᠯᠬᠤ ᠶᠢᠨ ᠬᠤᠪᠢ ᠳᠤ ᠢᠳᠡᠬᠦ ᠪᠠᠶᠢᠳᠠᠯ ᠵᠢᠴᠢ ᠣᠷᠣᠨ ᠨᠤᠲᠤᠭ ᠤᠨ ᠬᠠᠮᠢᠶ᠎ᠠ ᠪᠥᠬᠦᠶ ᠢᠳᠡᠭᠡᠨ ᠤ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠶᠡᠷᠦᠩᠬᠡᠶᠢᠯᠡᠨ ᠪᠣᠳᠣᠯᠬᠢᠯᠠᠬᠰᠠᠨ | ᠰᠠᠭᠤᠷᠢᠨ ᠲᠡᠭᠡᠷ᠎ᠡ ᠶᠡᠷᠦᠩᠬᠡᠶᠢᠯᠡᠨ ᠨᠤᠲᠠᠯᠠᠵᠤ ᠲᠣᠭᠲᠠᠭᠠᠪᠠ᠃ ᠢᠳᠡᠭᠡᠨ ᠪᠠ ᠡᠮ ᠤᠨ ᠪᠣᠳᠠᠰ ᠪᠤᠯᠬᠤ ᠶᠢᠨ | ᠬᠤᠪᠢ ᠳᠤ᠂ ᠤᠯᠠᠮᠵᠢᠯᠠᠯᠲᠤ ᠠᠷᠭ᠎ᠠ ᠬᠡᠯᠪᠡᠷᠢ ᠪᠠᠷ ᠵᠣᠬᠢᠰᠲᠠᠶ ᠢᠳᠡᠵᠦ᠂ ᠵᠢᠷᠮᠦᠰᠦᠨ ᠡᠮᠡᠭᠲᠡᠶ᠂ ᠬᠥᠬᠦᠭᠦᠯ | ᠬᠤᠭᠤᠴᠠᠭᠠᠨ ᠤ ᠡᠮᠡᠭᠲᠡᠶᠢᠴᠦᠳ ᠵᠢᠴᠢ ᠨᠢᠯᠬ᠎ᠠ ᠬᠡᠦᠬᠡᠳ ᠵᠡᠷᠭᠡ ᠣᠨᠴᠠᠭᠠᠶ ᠬᠥᠮᠦᠰ ᠲᠤ ᠢᠳᠡᠬᠦᠯᠬᠦ ᠥᠬᠡᠶ | ᠪᠠᠶᠢᠬᠤ ᠶᠢ ᠰᠠᠨᠠᠭᠤᠯᠤᠶ᠎ᠠ᠃ ᠳᠡᠭᠡᠷ᠎ᠡ ᠳᠤᠷᠠᠳᠤᠭᠰᠠᠨ ᠪᠣᠳᠠᠰ ᠢ ᠡᠷᠡᠭᠦᠯᠵᠢᠯ ᠤᠨ ᠢᠳᠡᠭᠡᠨ ᠤ ᠲᠦᠭᠦᠬᠡᠢ ᠡᠳ᠋ ᠪᠣᠯᠭᠠᠨ | ᠬᠡᠷᠡᠭᠯᠡᠬᠦ ᠳᠡᠭᠡᠨ ᠡᠷᠡᠭᠦᠯᠵᠢᠯ ᠤᠨ ᠢᠳᠡᠭᠡᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ︔ | ᠬᠢᠲᠠᠳ ᠡᠮ ᠤᠨ ᠮᠠᠲ᠋ᠧᠷᠢᠶᠠᠯ ᠪᠣᠯᠭᠠᠨ ᠬᠡᠷᠡᠭᠯᠡᠬᠦ ᠳᠡᠭᠡᠨ ᠬᠢᠲᠠᠳ ᠡᠮ ᠤᠨ ᠮᠠᠲ᠋ᠧᠷᠢᠶᠠᠯ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ |