︽ᠬᠠᠲᠠᠭᠤ ᠮᠤᠳᠤᠨ ᠣᠷᠣ ᠳᠡᠭᠡᠷ᠎ᠡ ᠤᠨᠲᠠᠬᠤ︾ ᠭᠡᠬᠦ ᠡᠨᠡ ᠬᠦ ︽ᠣᠨᠣᠯ︾ ᠪᠣᠯ ᠪᠦᠰᠡᠯᠡᠭᠦᠷ | ᠨᠢᠷᠤᠭᠤᠨ ᠤ ᠰᠡᠭᠡᠷ ᠤᠨ ᠲᠠᠪᠠᠭ ᠳᠣᠪᠤᠶᠢᠭᠰᠠᠨ ᠭᠡᠮ ᠢ ᠵᠠᠰᠠᠬᠤ ᠨᠡᠯᠢᠶᠡᠳ ᠡᠷᠳᠡᠨ ᠤ ᠠᠷᠭ᠎ᠠ ᠪᠠᠷᠢᠯ ᠤᠨ | ᠦᠷᠭᠦᠯᠵᠢᠯᠡᠯ ᠪᠤᠯᠤᠨ᠎ᠠ᠂ ᠭᠡᠲᠡᠯ᠎ᠡ ᠣᠷᠴᠢᠮ ᠤᠨ ᠬᠡᠳᠦᠨ ᠵᠢᠯ ᠤᠨ ᠣᠯᠠᠩᠬᠢ ᠬᠠᠮᠢᠶ᠎ᠠ ᠪᠦᠬᠦᠢ ᠰᠤᠳᠤᠯᠭᠠᠨ ᠳᠤ ᠪᠦᠷ | ︽ᠬᠠᠳᠠᠭᠤᠪᠳᠤᠷ ᠣᠷᠣ ᠶᠢᠨ ᠳᠡᠪᠢᠰᠬᠡᠷ ︵中等硬度的床垫︶ ᠢ ᠬᠠᠮᠤᠭ ᠲᠡᠷᠢᠭᠦᠨ ᠳᠤ | ᠰᠣᠩᠭᠤᠬᠤ ᠬᠡᠷᠡᠭᠲᠡᠢ︾ ᠭᠡᠵᠦ ᠲᠤᠷᠠᠳᠤᠬᠰᠠᠨ ᠪᠠᠶᠢᠨ᠎ᠠ᠃ ᠡᠷᠡᠭᠦᠯ ᠬᠥᠮᠦᠨ ᠤ ᠪᠠᠭᠠᠨ᠎ᠠ ᠨᠢᠷᠤᠭᠤ ᠳᠤ ︽S︾ | ᠬᠡᠯᠪᠡᠷᠢ ᠶᠢᠨ ᠹᠢᠽᠢᠣᠯᠣᠭᠢ ᠶᠢᠨ ᠮᠤᠷᠤᠢ ᠱᠤᠭᠤᠮ ᠲᠠᠢ ᠪᠠᠶᠢᠳᠠᠭ ᠪᠤᠯᠬᠤᠷ ᠳᠡᠭᠡᠭᠰᠢ ᠬᠠᠨᠳᠤᠨ ᠬᠠᠲᠠᠭᠤ ᠮᠤᠳᠤᠨ | ᠣᠷᠣ ᠳᠡᠭᠡᠷ᠎ᠡ ᠤᠨᠲᠠᠪᠠᠯ᠂ ᠬᠥᠮᠦᠨ ᠤ ᠨᠢᠷᠤᠭᠤᠨ ᠤ ᠬᠡᠰᠡᠭ ᠬᠦᠨᠳᠡᠢ ᠲᠤᠰᠴᠤ᠂ ᠪᠦᠰᠡᠯᠡᠭᠦᠷ ᠨᠢᠷᠤᠭᠤ ᠨᠢ ᠵᠣᠬᠢᠬᠤ | ᠬᠡᠮᠵᠢᠶ᠎ᠡ ᠪᠠᠷ ᠣᠷᠣ ᠳᠡᠭᠡᠷ᠎ᠡ ᠨᠠᠭᠠᠯᠳᠤᠬᠤ ᠪᠠ ᠲᠤᠯᠬᠤ ᠶᠢᠨ ᠠᠷᠭ᠎ᠠ ᠦᠭᠡᠢ ᠪᠤᠯᠳᠠᠭ᠂ ᠤᠨᠲᠠᠬᠤ ᠶᠢᠨ ᠦᠶ᠎ᠡ ᠳᠤ | ᠬᠡᠰᠡᠨ ᠪᠦᠰᠡᠯᠡᠭᠦᠷ ᠤᠨ ᠲᠣᠭᠤᠷᠢᠨ ᠤ ᠪᠤᠯᠴᠢᠩ ᠮᠥᠨ ᠬᠦ ᠠᠵᠢᠯᠯᠠᠵᠤ ᠪᠦᠰᠡᠯᠡᠭᠦᠷ ᠨᠢᠷᠤᠭᠤ ᠮᠤᠷᠦ᠋ᠢᠯᠲᠠ ᠶᠢ | ᠲᠤᠯᠵᠤ ᠪᠠᠶᠢᠳᠠᠭ᠂ ᠤᠷᠲᠤ ᠬᠤᠭᠤᠴᠠᠭ᠎ᠠ ᠪᠣᠯᠪᠠᠯ ᠪᠦᠰᠡᠯᠡᠭᠦᠷ ᠬᠡᠰᠡᠭ ᠤᠨ ᠪᠤᠯᠴᠢᠩ ᠰᠤᠯᠠᠷᠠᠬᠤ ᠶᠢᠨ ᠠᠷᠭ᠎ᠠ | ᠦᠭᠡᠢ ᠪᠣᠯᠵᠤ᠂ ᠲᠡᠷᠡᠴᠢᠯᠡᠨ ᠴᠢᠩᠭᠠᠷᠠᠵᠤ ᠱᠠᠷᠬᠢᠷᠠᠨ ᠡᠪᠡᠳᠬᠦ᠂ ᠪᠠᠭᠠᠨ᠎ᠠ ᠨᠢᠷᠤᠭᠤ ᠬᠥᠰᠢᠵᠦ ᠬᠠᠲᠠᠭᠤᠷᠠᠬᠤ ᠵᠡᠷᠭᠡ | ᠪᠠᠶᠢᠳᠠᠯ ᠭᠠᠷᠴᠤ᠂ ᠡᠭᠦᠨ ᠤ ᠤᠯᠠᠮ ᠢᠶᠠᠷ ᠵᠦᠳᠡᠷᠡᠯ ᠤᠨ ᠭᠡᠮᠲᠦᠯ ᠪᠤᠶᠤ ᠪᠠᠭᠠᠨ᠎ᠠ ᠨᠢᠷᠤᠭᠤᠨ ᠤ ᠮᠤᠷᠦ᠋ᠢᠯᠲᠠ | ᠠᠰᠬᠠᠨ ᠪᠣᠯᠬᠤ ᠵᠡᠷᠭᠡ ᠪᠠᠶᠢᠳᠠᠯ ᠭᠠᠷᠳᠠᠭ᠃ ᠡᠭᠦᠨ ᠠᠴᠠ ᠭᠠᠳᠠᠨ᠎ᠠ᠂ ᠬᠠᠲᠠᠭᠤ ᠮᠤᠳᠤᠨ ᠣᠷᠣ ᠨᠢ ᠵᠣᠬᠢᠬᠤ | ᠬᠡᠮᠵᠢᠶᠡᠨ ᠳᠡᠭᠡᠷ᠎ᠡ ᠬᠥᠮᠦᠨ ᠤ ᠪᠡᠶ᠎ᠡ ᠶᠢᠨ ᠶᠠᠰᠤᠨ ᠤ ᠪᠦᠲᠦᠴᠡ ᠶᠢᠨ ᠭᠦᠳᠦ᠋ᠢᠵᠦ ᠭᠠᠷᠤᠭᠰᠠᠨ ᠬᠡᠰᠡᠭ ᠲᠤ ᠨᠡᠩ | ᠶᠡᠭᠡ ᠳᠠᠷᠤᠯᠲᠠ ᠥᠭᠴᠦ ᠮᠡᠳᠡᠨ᠎ᠡ᠂ ᠡᠭᠦᠨ ᠳᠤ ᠮᠥᠷᠥ ᠶᠢᠨ ᠦᠶ᠎ᠡ᠂ ᠠᠭᠠᠷᠴᠠᠭ ᠵᠡᠷᠭᠡ ᠬᠡᠰᠡᠭ ᠪᠠᠭᠲᠠᠨ᠎ᠠ᠂ | ᠡᠳᠡᠭᠡᠷ ᠨᠢ ᠤᠷᠲᠤ ᠬᠤᠭᠤᠴᠠᠭ᠎ᠠ ᠪᠠᠷ ᠳᠠᠷᠤᠭᠳᠠᠭᠰᠠᠨ ᠠᠴᠠ ᠪᠣᠯᠵᠤ ᠴᠢᠰᠤᠨ ᠡᠷᠭᠢᠯᠲᠡ ᠮᠠᠭᠤᠳᠠᠬᠤ ᠶᠢᠨ | ᠤᠯᠠᠮ ᠢᠶᠠᠷ ᠲᠠᠷᠤᠵᠤ ᠡᠪᠡᠳᠬᠦ᠂ ᠮᠢᠨᠴᠦᠭᠦᠷᠡᠬᠦ ᠵᠡᠷᠭᠡ ᠡᠪ ᠦᠭᠡᠢ ᠪᠠᠶᠢᠳᠠᠯ ᠭᠠᠷᠳᠠᠭ᠃ ᠭᠡᠪᠡᠴᠦ ᠪᠠᠰᠠ | ᠠᠩᠬᠠᠷᠤᠭᠤᠰᠢᠳᠠᠢ ᠵᠦᠢᠯ ᠭᠡᠪᠡᠯ᠂ ᠬᠡᠳᠦ᠋ᠢᠪᠡᠷ ᠵᠥᠭᠡᠯᠡᠨ ᠣᠷᠣ ᠶᠢᠨ ᠳᠡᠪᠢᠰᠬᠡᠷ ᠢ ᠬᠡᠷᠡᠭᠯᠡᠪᠡᠯ ᠬᠦᠮᠦᠨ ᠤ ᠪᠡᠶ᠎ᠡ | ᠤᠷᠤ ᠲᠠᠢ ᠨᠠᠭᠠᠯᠳᠤᠬᠤ ᠪᠠᠷ ᠬᠠᠮᠤᠭ ᠤᠨ ᠶᠡᠭᠡ᠂ ᠣᠷᠣ ᠪᠣᠯᠤᠨ ᠬᠦᠮᠦᠨ ᠤ ᠪᠡᠶ᠎ᠡ ᠭᠦᠢᠴᠡᠳ ᠬᠦᠷᠦᠯᠴᠡᠵᠦ ᠠᠮᠤᠷ | ᠲᠦᠪᠰᠢᠨ ᠢᠶᠠᠷ ᠤᠨᠳᠠᠬᠤ ᠰᠡᠷᠡᠭᠳᠡᠯ ᠢ ᠨᠡᠮᠡᠭᠳᠡᠭᠦᠯᠳᠡᠭ ᠪᠣᠯᠪᠠᠴᠤ᠂ ᠲᠤᠰ ᠪᠠᠶᠢᠳᠠᠯ ᠳᠣᠣᠷ᠎ᠠ ᠶᠠᠮᠠᠷ ᠨᠢᠭᠡᠨ ᠵᠦᠢᠯ ᠤᠨ | ᠤᠨᠲᠠᠬᠤ ᠬᠡᠯᠪᠡᠷᠢ ᠶᠢ ᠰᠣᠩᠭᠤᠭᠰᠠᠨ ᠴᠤ ᠪᠦᠷ ᠭᠦᠢᠴᠡᠳ ᠳᠠᠭᠠᠭᠠᠴᠠ ᠳᠤᠲᠠᠭᠳᠠᠭᠰᠠᠨ ᠠᠴᠠ ᠪᠣᠯᠵᠤ ᠬᠦᠮᠦᠨ ᠤ | ᠪᠡᠶ᠎ᠡ ᠶᠢᠨ ᠳᠤᠮᠳᠠ ᠬᠡᠰᠡᠭ ᠲᠤᠷᠤᠬᠰᠢ ᠰᠢᠬᠢᠳᠦᠵᠦ᠂ ᠪᠡᠶ᠎ᠡ ᠨᠢ ᠨᠤᠮᠤᠯᠵᠢᠨ ᠬᠡᠯᠪᠡᠷᠢ ᠲᠠᠢ ᠪᠤᠯᠳᠠᠭ᠂ ᠡᠶᠢᠮᠦ ᠠᠴᠠ | ᠮᠥᠨ ᠯᠡ ᠪᠠᠭᠠᠨ᠎ᠠ ᠨᠢᠷᠤᠭᠤᠨ ᠤ ᠬᠡᠪ ᠤᠨ ᠹᠢᠽᠢᠣᠯᠣᠭᠢ ᠶᠢᠨ ᠮᠤᠷᠦ᠋ᠢᠯᠲᠠ ᠪᠠᠨ ᠪᠠᠲᠤᠯᠠᠵᠦ ᠴᠢᠳᠠᠳᠠᠭ ᠦᠭᠡᠢ᠂ | ᠲᠡᠷᠡᠴᠢᠯᠡᠨ ᠨᠢᠷᠤᠭᠤᠨ ᠤ ᠲᠣᠭᠤᠷᠢᠨ ᠤ ᠪᠤᠯᠴᠢᠩ ᠴᠤ ᠰᠠᠶᠢᠨ ᠠᠮᠠᠷᠠᠵᠤ ᠳᠡᠶᠢᠯᠬᠦ ᠦᠭᠡᠢ ᠠᠴᠠ ᠪᠣᠯᠵᠤ ᠱᠠᠷᠬᠢᠷᠠᠵᠤ | ᠡᠪᠡᠳᠬᠦ ᠪᠤᠶᠤ ᠵᠦᠳᠡᠷᠡᠯ ᠤᠨ ᠭᠡᠮᠲᠦᠯ ᠡᠭᠦᠰᠳᠡᠭ᠃ ᠪᠠᠰᠠ ᠨᠢᠭᠡ ᠬᠠᠮᠤᠭ ᠴᠢᠬᠤᠯᠠ ᠵᠦᠢᠯ ᠭᠡᠪᠡᠯ᠂ ᠶᠡᠭᠡ | ᠬᠡᠮᠵᠢᠶᠡᠨ ᠤ ᠰᠤᠳᠤᠯᠭᠠᠨ ᠳᠤ᠂ ᠬᠠᠲᠠᠭᠤ ᠮᠤᠳᠤᠨ ᠣᠷᠣ ᠪᠤᠶᠤ ᠬᠡᠳᠦ ᠵᠥᠭᠡᠯᠡᠨ ᠣᠷᠣ ᠶᠢᠨ ᠳᠡᠪᠢᠰᠬᠡᠷ ᠨᠢ ᠴᠦᠮ | ᠤᠨᠲᠠᠭᠰᠠᠳ ᠤᠨ ᠪᠡᠶᠡᠴᠢ ᠲᠠᠯ᠎ᠠ ᠶᠢᠨ ᠲᠠᠭᠠᠯᠠᠮᠵᠢ ᠪᠠᠷ ᠠᠨᠠᠢ ᠪᠠᠶᠢᠳᠠᠭ᠂ ᠦᠭᠡᠷ᠎ᠡ ᠪᠠᠷ ᠬᠡᠯᠡᠪᠡᠯ ᠬᠠᠲᠠᠭᠤ ᠪᠤᠶᠤ | ᠬᠡᠳᠦ ᠵᠥᠭᠡᠯᠡᠨ ᠣᠷᠣ ᠳᠡᠭᠡᠷ᠎ᠡ ᠤᠨᠲᠠᠪᠠᠯ ᠪᠦᠷ ᠲᠠᠭᠠᠯᠠᠮᠵᠢ ᠦᠭᠡᠢ ᠪᠠᠶᠢᠳᠠᠭ ᠭᠡᠵᠦ ᠦᠵᠡᠵᠦ ᠪᠠᠶᠢᠨ᠎ᠠ᠃ | |