︽ᠳᠤᠮᠳᠠᠳᠤ ᠤᠯᠤᠰ ᠤᠨ ᠲᠡᠮᠦᠷ ᠵᠠᠮ︾ ᠤᠨ 9 ᠰᠠᠷ᠎ᠠ ᠶᠢᠨ 1 ᠤ ᠡᠳᠦᠷ ᠤᠨ ᠮᠡᠳᠡᠭᠡ ᠶᠢ ᠦᠨᠳᠦᠰᠦᠯᠡᠪᠡᠯ᠂ | 9 ᠰᠠᠷ᠎ᠠ ᠶᠢᠨ 1 ᠤ ᠡᠳᠦᠷ᠂ 2024 ᠣᠨ ᠤ ᠬᠡᠪᠯᠡᠯ ᠤᠨ ︽ᠳᠤᠮᠳᠠᠳᠤ ᠤᠯᠤᠰ ᠤᠨ ᠤᠯᠤᠰ ᠤᠨ ᠲᠡᠮᠦᠷ | ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠦᠷᠢᠮ︾ | ︵ᠳᠣᠷᠣᠭᠰᠢ ︽ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ ᠲᠦᠷᠢᠮ︾ ᠭᠡᠵᠦ ᠲᠣᠪᠴᠢᠯᠠᠨ᠎ᠠ︶ | ᠢ ᠵᠢᠩᠬᠢᠨᠢ ᠪᠠᠷ ᠨᠡᠶᠢᠲᠡᠯᠡᠵᠦ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ | ᠬᠥᠭᠵᠢᠯᠲᠡ ᠬᠤᠪᠢᠷᠠᠯᠲᠠ ᠪᠠ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠲᠠᠢ ᠢᠳᠡᠪᠬᠢᠲᠡᠶ ᠵᠣᠬᠢᠴᠠᠭᠤᠯᠵᠤ᠂ | ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠤᠯᠪᠣᠭᠳᠠᠯ ᠪᠥᠬᠦᠶ ᠲᠦᠷᠢᠮ ᠢ ᠴᠢᠨᠠᠬᠰᠢᠳᠠ ᠲᠡᠭᠦᠯᠳᠡᠷᠵᠢᠭᠦᠯᠵᠦ | ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ | ᠠᠶᠠᠨᠴᠢᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠪᠣᠯᠤᠨ᠎ᠠ᠃ 2023 ᠤᠨ ᠤ ᠬᠡᠪᠯᠡᠯ ᠤᠨ ︽ | ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ ᠲᠦᠷᠢᠮ︾ ᠳᠤ᠂ ︽ᠭᠠᠯᠲᠤ ᠲᠡᠷᠭᠡ ᠲᠡᠭᠡᠭᠡᠪᠦᠷᠢᠯᠡᠬᠦ | ᠴᠢᠳᠠᠪᠤᠷᠢ ᠲᠠᠢ ᠦᠶ᠎ᠡ ᠳᠤ᠂ ᠬᠡᠷᠪᠡ ᠠᠶᠠᠨᠴᠢᠳ ᠥᠷᠲᠡᠭᠡᠨ ᠳᠤ ᠬᠦᠷᠦᠭᠰᠡᠨ ᠤ ᠳᠠᠷᠠᠭ᠎ᠠ ᠦᠷᠭᠦᠯᠵᠢᠯᠡᠨ ᠠᠶᠠᠯᠠᠬᠤ | ᠴᠢᠬᠤᠯᠠᠲᠠᠶ ᠪᠣᠯ᠂ ᠭᠠᠯᠲᠤ ᠲᠡᠷᠭᠡᠨ ᠤ ᠠᠵᠢᠯᠲᠠᠨ ᠲᠡᠭᠦᠨ ᠳᠤ ᠪᠢᠯᠧᠲ ᠨᠥᠬᠦᠵᠦ ᠥᠭᠴᠦ ᠪᠣᠯᠤᠨ᠎ᠠ︾ ᠬᠡᠰᠡᠨ ᠤ | ᠰᠠᠭᠤᠷᠢᠨ ᠳᠡᠭᠡᠷ᠎ᠡ᠂ 2024 ᠣᠨ ᠤ ᠬᠡᠪᠯᠡᠯ ᠤᠨ ︽ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ | ᠲᠦᠷᠢᠮ︾ ᠳᠤ ︽ᠲᠡᠭᠡᠭᠡᠪᠦᠷᠢᠯᠡᠬᠦ ᠴᠢᠳᠠᠪᠤᠷᠢ ᠥᠬᠡᠶ ᠦᠶ᠎ᠡ ᠳᠤ᠂ ᠭᠠᠯᠲᠤ ᠲᠡᠷᠭᠡᠨ ᠤ ᠠᠵᠢᠯᠲᠠᠨ ᠠᠶᠠᠨᠴᠢᠳ ᠤᠨ | ᠪᠢᠯᠧᠲ ᠨᠥᠬᠦᠬᠦ ᠪᠠ ᠦᠷᠭᠦᠯᠵᠢᠯᠡᠨ ᠲᠡᠷᠭᠡᠨ ᠳᠤ ᠰᠠᠭᠤᠬᠤ ᠶᠢ ᠲᠡᠪᠴᠢᠬᠦ ᠡᠷᠬᠡ ᠲᠠᠢ︾ ᠭᠡᠬᠦ ᠲᠣᠭᠲᠠᠭᠠᠯ ᠢ | ᠰᠢᠨ᠎ᠡ ᠪᠠᠷ ᠨᠡᠮᠡᠵᠡᠶ᠂ ᠡᠨᠡ ᠨᠢ ᠭᠤᠤᠯᠳᠠᠭᠤ ᠭᠠᠯᠲᠤ ᠲᠡᠷᠭᠡ ᠳᠤ ᠰᠠᠭᠤᠬᠤ ᠬᠥᠮᠦᠨ ᠤ ᠲᠤᠭ᠎ᠠ ᠬᠦᠨᠳᠦ ᠨᠣᠴᠢᠲᠠᠶ | ᠬᠡᠲᠦᠷᠡᠭᠰᠡᠨ ᠠᠴᠠ ᠪᠤᠯᠵᠤ ᠡᠯ᠎ᠡ ᠵᠦᠢᠯ ᠤᠨ ᠠᠶᠤᠯ ᠲᠦᠭᠰᠢᠭᠦᠷᠢ ᠡᠭᠦᠰᠬᠦ ᠶᠢ ᠰᠡᠷᠭᠡᠶᠢᠯᠡᠵᠦ᠂ ᠭᠠᠯᠲᠤ ᠲᠡᠷᠭᠡᠨ ᠤ | ᠠᠶᠠᠯᠠᠯ ᠤᠨ ᠠᠮᠤᠷ ᠲᠦᠪᠰᠢᠨ ᠡᠮᠬᠢ ᠵᠢᠷᠤᠮ ᠪᠠ ᠠᠶᠠᠨᠴᠢᠳ ᠤᠨ ᠲᠡᠷᠭᠡᠨ ᠳᠤ ᠰᠠᠭᠤᠬᠤ ᠣᠶᠢᠯᠠᠭᠠᠯᠲᠠ ᠶᠢ | ᠪᠦᠲᠦᠮᠵᠢᠲᠡᠶ ᠪᠠᠷ ᠪᠠᠲᠤᠯᠠᠬᠤ ᠶᠢ ᠪᠣᠳᠣᠯᠬᠢᠯᠠᠭᠰᠠᠨ ᠶᠤᠮ᠃ |