9 ᠰᠠᠷ᠎ᠠ ᠶᠢᠨ 5 ᠤ ᠡᠳᠦᠷ᠂ ᠲᠤᠤ ᠪᠦᠦ ᠰᠦᠯᠵᠢᠶ᠎ᠡ ᠨᠢ ᠸᠢᠴᠠᠲ ᠢᠶᠠᠷ ᠲᠣᠭᠠᠴᠠᠭ᠎ᠠ ᠬᠢᠬᠦ ᠴᠢᠳᠠᠪᠤᠷᠢ ᠶᠢ | ᠰᠢᠨ᠎ᠡ ᠪᠠᠷ ᠨᠡᠮᠡᠭᠰᠡᠨ ᠲᠤᠬᠠᠶ ᠠᠯᠪᠠᠨ ᠵᠠᠷ ᠨᠡᠶᠢᠲᠡᠯᠡᠵᠦ ᠬᠡᠯᠡᠬᠦ ᠳᠡᠭᠡᠨ᠄ ᠬᠡᠷᠡᠭᠯᠡᠭᠴᠢᠳ ᠤᠨ ᠪᠠᠷᠠᠭ᠎ᠠ ᠬᠤᠳᠠᠯᠳᠤᠨ | ᠠᠪᠬᠤ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠤ ᠪᠦᠦ ᠰᠦᠯᠵᠢᠶ᠎ᠡ ᠨᠢ ᠸᠢᠴᠠᠲ ᠢᠶᠠᠷ ᠲᠣᠭᠠᠴᠠᠭ᠎ᠠ | ᠬᠢᠬᠦ ᠴᠢᠳᠠᠪᠤᠷᠢ ᠶᠢ ᠰᠢᠨ᠎ᠡ ᠪᠠᠷ ᠨᠡᠮᠡᠬᠦ ᠶᠢᠨ ᠬᠠᠮᠲᠤ ᠲᠣᠰ ᠠᠯᠪᠠᠨ ᠵᠠᠷ ᠢ ᠨᠡᠶᠢᠳᠡᠯᠡᠭᠰᠡᠨ ᠤ ᠲᠤᠯᠤᠭᠠᠨ ᠡᠳᠦᠷ ᠤᠨ | ᠳᠠᠷᠠᠭ᠎ᠠ ᠪᠣᠶ ᠪᠥᠬᠦᠶ ᠲᠤᠤ ᠪᠦᠦ ᠰᠦᠯᠵᠢᠶᠡᠨ ᠤ ᠬᠤᠳᠠᠯᠳᠤᠭᠠᠴᠢᠨ ᠳᠤ ᠠᠯᠬᠤᠮ ᠠᠯᠬᠤᠮ ᠢᠶᠠᠷ ᠭᠡᠷᠡᠭᠯᠡᠬᠦ ᠪᠤᠯᠭᠠᠨ᠎ᠠ | ᠃ ᠲᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠨᠡᠮᠡᠬᠦ ᠳᠤ ᠰᠠᠭᠤᠷᠢᠯᠠᠨ᠂ ᠲᠤᠤ ᠪᠦᠦ ᠰᠦᠯᠵᠢᠶ᠎ᠡ ᠨᠢ ᠲᠠᠪᠴᠠᠩ ᠤᠨ | ᠲᠦᠷᠢᠮ ᠢᠶᠠᠨ ᠵᠣᠬᠢᠴᠠᠩᠭᠤᠶ ᠪᠠᠷ ᠲᠠᠰ ᠳᠡᠪᠰᠢᠭᠦᠯᠦᠨ᠎ᠡ᠂ ᠭᠤᠤᠯ ᠬᠤᠪᠢᠷᠠᠯᠲᠠ ᠬᠡᠪᠡᠯ᠄ ᠲᠣᠭᠠᠴᠠᠭ᠎ᠠ ᠬᠢᠬᠦ | ᠦᠢᠯᠡᠴᠢᠯᠡᠭᠡᠨ ᠤ ᠬᠤᠳᠠᠯᠳᠤᠭᠠᠴᠢᠨ ᠤ ᠬᠠᠮᠢᠶ᠎ᠠ ᠪᠥᠬᠦᠶ ᠨᠡᠷᠡᠶᠢᠳᠦᠯ᠂ ᠲᠠᠩᠰᠠᠨ ᠡᠷᠦᠬᠡ᠂ ᠦᠯᠡᠳᠡᠪᠦᠷᠢ ᠲᠤᠭ᠎ᠠ᠂ | ᠠᠷᠠᠯᠵᠢᠶᠠᠨ ᠤ ᠲᠤᠭ᠎ᠠ ᠬᠡᠮᠵᠢᠶ᠎ᠡ ᠵᠡᠷᠭᠡ ᠶᠢ ︽ᠲᠣᠭᠠᠴᠠᠭ᠎ᠠ ᠬᠢᠬᠦ ᠪᠠᠶᠢᠭᠤᠯᠤᠮᠵᠢ︾᠂ ︽ᠲᠣᠭᠠᠴᠠᠭ᠎ᠠ ᠬᠢᠬᠦ ᠲᠠᠩᠰᠠᠨ | ᠡᠷᠦᠬᠡ︾᠂ ︽ᠲᠣᠭᠠᠴᠠᠭ᠎ᠠ ᠬᠢᠬᠦ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ︾᠂ ︽ᠵᠠᠬᠢᠶᠠᠯᠠᠭ᠎ᠠ ᠶᠢᠨ | ᠠᠷᠠᠯᠵᠢᠶᠠᠨ ᠤ ᠲᠤᠭ᠎ᠠ︾ ᠭᠡᠵᠦ ᠲᠦᠷᠢᠮᠵᠢᠬᠦᠯᠦᠨ ᠨᠢᠬᠡᠳᠭᠡᠵᠦ ᠨᠡᠷᠡᠯᠡᠨ᠎ᠡ᠃ ᠲᠣᠰ ᠤᠳᠠᠭᠠᠨ ᠤ | ᠲᠣᠬᠢᠷᠠᠭᠤᠯᠤᠯᠲᠠ ᠶᠢ 2024 ᠣᠨ ᠤ 9 ᠰᠠᠷ᠎ᠠ ᠶᠢᠨ 5 ᠤ ᠡᠳᠦᠷ ᠵᠠᠷᠯᠠᠨ ᠨᠡᠶᠢᠲᠡᠯᠡᠵᠦ᠂ 2024 ᠣᠨ ᠤ 9 | ᠰᠠᠷ᠎ᠠ ᠶᠢᠨ 12 ᠤᠨ ᠡᠳᠦᠷ ᠬᠦᠴᠦᠨ ᠲᠠᠢ ᠪᠣᠯᠤᠨ᠎ᠠ ᠬᠡᠪᠡ᠃ |