9 ᠰᠠᠷ᠎ᠠ ᠶᠢᠨ 10 ᠤ ᠡᠳᠦᠷ᠂ ᠢ ᠪᠢᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ︽ᠰᠦᠯᠵᠢᠶᠡᠨ ᠤ | ᠠᠮᠤᠷ ᠲᠦᠪᠰᠢᠨ ᠠᠷᠠᠳ ᠤᠨ ᠲᠥᠯᠥᠭᠡ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ | ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠡᠪᠯᠡᠯ ᠤᠨ | ᠡᠭᠦᠷ ᠤᠨ ᠵᠠᠯᠠᠭᠤᠴᠤᠳ ᠵᠢᠴᠢ ᠡᠪᠯᠡᠯ ᠤᠨ ᠭᠡᠰᠢᠭᠦᠳ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠮᠡᠳᠡᠭᠡ | ᠵᠠᠩᠭᠢ ᠶᠢ ᠵᠠᠳᠠᠷᠠᠭᠤᠯᠬᠤ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠲᠠᠯ᠎ᠠ ᠪᠠᠷ ᠵᠠᠯᠠᠭᠤᠴᠤᠳ | ᠪᠠᠭᠠᠴᠤᠳ ᠲᠤ ᠤᠬᠠᠭᠤᠯᠭ᠎ᠠ ᠬᠢᠪᠡ᠃ ᠤᠯᠠᠨ ᠢᠶᠠᠷ ᠢᠶᠠᠨ᠂ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠮᠤᠷ ᠲᠦᠪᠰᠢᠨ ᠡᠶ᠎ᠡ ᠵᠣᠬᠢᠴᠠᠩᠭᠤᠢ ᠰᠦᠯᠵᠢᠶᠡᠨ ᠤ | ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | | | | |