9 ᠰᠠᠷ᠎ᠠ ᠶᠢᠨ 10 ᠤ ᠡᠳᠦᠷ᠂ ᠰᠢᠨ᠎ᠡ ᠯᠢᠤ ᠱᠢ ᠳ᠋ᠦᠩ ᠨᠡᠶᠢᠭᠡᠮ ᠲᠣᠭᠤᠷᠢᠭ ᠪᠥᠬᠦ ᠠᠷᠠᠳ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ | ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠲᠤ ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠢᠷᠡᠯᠲᠡ᠂ ᠠᠴᠢ ᠬᠤᠯᠪᠣᠭᠳᠠᠯ ᠪᠠ ᠨᠥᠯᠥᠭᠡ ᠶᠢ ᠨᠠᠷᠢᠨ | ᠲᠠᠶᠢᠯᠪᠤᠷᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠡᠤᠬᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ | ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠶ᠃ | | | |