9 ᠰᠠᠷ᠎ᠠ ᠶᠢᠨ 8 ᠤ ᠡᠳᠦᠷ ᠠᠴᠠ ᠨᠠᠰᠢ᠂ ᠲᠠᠯᠠᠶᠢᠬᠤᠰᠢᠭᠤ ᠰᠤᠮᠤ ᠶᠢᠨ ᠡᠯ᠎ᠡ ᠭᠠᠴᠠᠭ᠎ᠠ ᠲᠣᠰᠬᠤᠨ ︽ | ᠤᠮᠠᠷᠠᠲᠤ ᠬᠢᠯᠢ ᠶᠢᠨ ᠭᠠᠵᠢᠭᠤ ᠨᠣᠮᠯᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠨᠡᠶᠢᠭᠡᠮ ᠤᠨ | ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ | ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠭᠠᠵᠢᠭᠤ ᠨᠣᠮᠯᠠᠯ ᠤᠨ ᠦᠨᠳᠦᠰᠦᠨ ᠣᠨᠴᠠᠯᠢᠭ ᠢ ᠤᠬᠠᠭᠤᠯᠵᠤ᠂ | ᠭᠠᠵᠢᠭᠤ ᠨᠣᠮᠯᠠᠯ ᠨᠢ ᠬᠤᠪᠢ ᠬᠥᠮᠦᠨ᠂ ᠭᠡᠷ ᠪᠦᠯᠢ ᠵᠢᠴᠢ ᠨᠡᠶᠢᠭᠡᠮ ᠳᠤ ᠦᠵᠡᠭᠦᠯᠬᠦ ᠬᠤᠣᠷ ᠬᠥᠨᠥᠭᠡᠯ ᠵᠢᠴᠢ | ᠭᠠᠵᠢᠭᠤ ᠨᠣᠮᠯᠠᠯ ᠢ ᠬᠡᠷᠬᠢᠨ ᠲᠣᠳᠣᠷᠬᠠᠢ ᠲᠠᠨᠢᠬᠤ ᠪᠠ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠵᠤ᠂ ᠤᠯᠠᠨ | ᠲᠦᠮᠡᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠢᠳᠡᠪᠬᠢᠲᠡᠢ ᠢᠯᠡᠴᠢᠯᠡᠬᠦ ᠶᠢ ᠵᠣᠷᠢᠭᠵᠢᠭᠤᠯᠵᠤ᠂ ᠠᠵᠢᠯᠯᠠᠭ᠎ᠠ ᠳᠤ ᠨᠡᠶᠢᠳᠡ 100 ᠭᠠᠷᠤᠢ ᠬᠤᠪᠢ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ | | | |