ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/13
   9 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠵᠤ᠂ ᠪᠥᠬᠦ ᠬᠤᠲᠠ ᠶᠢᠨ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠨᠡᠶᠢᠲᠡ 260 ᠭᠠᠷᠤᠶ ᠬᠥᠮᠦᠨ ᠬᠤᠷᠠᠯ ᠳᠤ ᠣᠷᠣᠯᠴᠠᠵᠠᠶ᠃

   ᠬᠤᠷᠠᠯ ᠠᠴᠠ ᠭᠢᠷᠢᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂

ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠵᠣᠣ ᠰᠢᠨ ᠢᠦᠶ ᠶᠢ ᠣᠨᠴᠠᠭᠠᠶᠢᠯᠠᠨ ᠤᠷᠢᠵᠤ ᠬᠢᠴᠢᠶᠡᠯᠯᠡᠭᠦᠯᠪᠡ᠂ ᠵᠣᠣ

ᠰᠢᠨ ᠢᠦᠶ ᠫᠷᠤᠹᠧᠰᠰᠤᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ - ᠨᠠᠮ ᠤᠨ ᠬᠤᠷᠢᠳᠤᠭᠠᠷ ᠬᠤᠭᠤᠴᠠᠭᠠᠨ ᠤ

ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠰᠡᠳᠦᠪ ᠢᠶᠠᠷ

ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠠᠴᠢ

ᠬᠤᠯᠪᠣᠭᠳᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠡᠩ ᠤᠨ ᠴᠢᠨᠠᠷᠲᠠᠶ ᠪᠠ ᠣᠨᠴᠠᠭᠠᠶ ᠴᠢᠨᠠᠷ

᠂ ᠠᠵᠤ ᠠᠬᠤᠶ ᠶᠢᠨ ᠦᠶᠡᠯᠡᠯ ᠤᠨ ᠬᠤᠭᠤᠴᠠᠭ᠎ᠠ ᠬᠢᠭᠡᠳ ᠪᠦᠲᠦᠴᠡ ᠶᠢᠨ ᠴᠢᠨᠠᠷᠲᠠᠶ ᠬᠤᠪᠢᠰᠤᠯᠲᠠ ᠵᠡᠷᠭᠡ

ᠠᠭᠤᠯᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠷ ᠭᠦᠨᠵᠡᠭᠡᠶ ᠲᠠᠶᠢᠯᠤᠮᠵᠢ ᠬᠢᠪᠠ᠃

   ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ

ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ

ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ

ᠴᠢᠬᠤᠯᠠ ᠬᠤᠷᠠᠯ ᠪᠣᠯᠤᠨ᠎ᠠ᠃ ᠪᠥᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠣᠰ

ᠤᠳᠠᠭᠠᠨ ᠤ ᠲᠠᠶᠢᠯᠤᠮᠵᠢ ᠪᠠᠷ ᠠᠵᠠ ᠲᠣᠬᠢᠶᠠᠯ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ

ᠣᠶᠢᠯᠠᠭᠠᠯᠲᠠ ᠪᠠ ᠡᠵᠡᠮᠳᠡᠯ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠶᠢᠪᠠᠰᠤ ᠵᠣᠬᠢᠬᠤ ᠤᠯᠤᠰ

ᠲᠥᠷᠥ ᠶᠢᠨ ᠵᠣᠭᠰᠣᠴᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠦᠷ᠎ᠡ

ᠪᠦᠲᠦᠭᠡᠯ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ

ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠨ ᠨᠠᠩ ᠰᠠᠶᠢᠲᠤᠷ ᠬᠤᠪᠢᠷᠠᠭᠤᠯᠬᠤ ᠬᠡᠷᠡᠭᠲᠡᠶ᠃ ᠪᠥᠬᠦᠳᠡ

ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠴᠢᠬᠤᠯᠠ ᠬᠠᠷᠠᠯᠲᠠ ᠡᠭᠦᠷᠭᠡ᠂ ᠭᠤᠤᠯᠳᠠᠯᠭ᠎ᠠ ᠲᠠᠢ ᠪᠠᠶᠢᠯᠳᠤᠬᠤ

ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠲᠣᠰ ᠲᠣᠰ ᠤᠨ ᠪᠣᠳᠠᠲᠠᠶ ᠲᠠᠢ ᠪᠠᠨ ᠤᠶᠠᠯᠳᠤᠭᠤᠯᠤᠨ᠂

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠲᠦᠭᠡᠯᠴᠢ ᠴᠢᠨᠠᠷᠲᠠᠶ ᠪᠠᠷ ᠰᠠᠶᠢᠲᠤᠷ ᠠᠳᠬᠤᠵᠤ᠂ ᠰᠢᠨ᠎ᠡ

ᠬᠠᠭᠤᠳᠠᠰᠤ ᠶᠢ ᠪᠢᠴᠢᠭᠯᠡᠬᠦ ᠪᠣᠳᠠᠲᠠᠶ ᠠᠵᠢᠯ ᠤᠨ ᠪᠣᠳᠠᠲᠤ ᠠᠮᠵᠢᠯᠲᠠ ᠪᠦᠲᠦᠮᠵᠢ ᠪᠠᠷ ᠰᠤᠷᠤᠯᠴᠠᠯᠭ᠎ᠠ ᠶᠢᠨ ᠦᠷ᠎ᠡ

ᠪᠦᠲᠦᠭᠡᠯ ᠢ ᠰᠢᠯᠭᠠᠨ ᠪᠠᠶᠢᠴᠠᠭᠠᠵᠤ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠲᠠᠰᠤᠷᠠᠯᠲᠠ ᠥᠬᠡᠶ

ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号