9 ᠰᠠᠷ᠎ᠠ ᠶᠢᠨ 12 ᠤᠨ ᠡᠳᠦᠷ᠂ ᠰᠤᠷᠪᠤᠯᠵᠢᠯᠠᠭᠴᠢ ᠬᠤᠤᠯᠢᠩᠭᠤᠤᠯ ᠬᠤᠲᠠ ᠶᠢᠨ ᠨᠢᠭᠡᠨ ᠬᠡᠤᠬᠡᠳ ᠤᠨ | ᠴᠡᠴᠡᠷᠯᠢᠭ ᠲᠤ ᠬᠡᠦᠬᠡᠳ ᠠᠰᠠᠷᠠᠭᠴᠢ ᠰᠢᠶᠧ ᠯᠢ ᠨᠠ ᠶᠢ ᠣᠯᠵᠤ ᠦᠵᠡᠬᠦ ᠳᠡᠭᠡᠨ᠂ ᠲᠡᠷᠡ ᠶᠠᠭ ᠠᠵᠢᠯ ᠤᠨ ᠪᠠᠶᠢᠷᠢ | ᠳᠡᠭᠡᠷ᠎ᠡ ᠶᠠᠭᠠᠷᠠᠯᠳᠤᠵᠤ ᠪᠠᠶᠢᠪᠠ᠃ ᠡᠨᠡ ᠵᠢᠯ ᠤᠨ 7 ᠰᠠᠷ᠎ᠠ ᠳᠤ ᠲᠡᠷᠡ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠠᠰᠠᠷᠠᠨ ᠬᠦᠮᠦᠵᠢᠭᠦᠯᠦᠭᠴᠢ ᠶᠢᠨ | ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠤ ᠳᠠᠷᠠᠭ᠎ᠠ ᠤᠷᠤᠭᠰᠢᠲᠠᠶ ᠰᠤᠷᠤᠯᠭ᠎ᠠ ᠲᠡᠭᠦᠰᠴᠦ᠂ ᠠᠰᠠᠷᠠᠨ | ᠬᠥᠮᠦᠵᠢᠭᠦᠯᠦᠭᠴᠢ ᠶᠢᠨ ᠦᠨᠡᠮᠯᠡᠯ ᠣᠯᠤᠭᠰᠠᠨ ᠪᠥᠭᠡᠳ ᠬᠡᠤᠬᠡᠳ ᠤᠨ ᠴᠡᠴᠡᠷᠯᠢᠭ ᠲᠤ ᠠᠮᠵᠢᠯᠲᠠ ᠲᠠᠢ ᠠᠵᠢᠯ | ᠣᠯᠵᠠᠢ᠃ ︽ᠥᠩᠭᠡᠷᠡᠭᠰᠡᠨ ᠳᠤ ᠠᠵᠢᠯ ᠬᠦᠯᠢᠶᠡᠵᠦ ᠬᠡᠷ ᠲᠡᠭᠡᠨ ᠪᠠᠶᠢᠨ᠎ᠠ᠂ ᠡᠨᠡ ᠤᠳᠠᠭᠠᠨ ᠤ ᠪᠣᠯᠪᠠᠰᠤᠷᠠᠯ ᠢᠶᠠᠷ | ᠳᠡᠮᠵᠢᠨ᠂ ᠪᠢ ᠠᠰᠠᠷᠠᠨ ᠬᠥᠮᠦᠵᠢᠭᠦᠯᠬᠦ ᠪᠠᠭᠰᠢ ᠶᠢᠨ ᠲᠠᠰ ᠤᠨ ᠦᠨᠡᠮᠯᠡᠯ ᠣᠯᠤᠭᠰᠠᠨ ᠢᠶᠠᠷ ᠪᠠᠷᠠᠬᠤ ᠥᠬᠡᠶ᠂ ᠪᠠᠰᠠ | ᠬᠡᠤᠬᠡᠳ ᠤᠨ ᠴᠡᠴᠡᠷᠯᠢᠭ ᠲᠤ ᠤᠷᠤᠭᠰᠢᠲᠠᠶ ᠤᠷᠢᠭᠳᠠᠵᠤ᠂ ᠠᠵᠢᠯ ᠤᠨ ᠣᠷᠴᠢᠨ ᠨᠥᠬᠦᠴᠡᠯ ᠰᠠᠶᠢᠨ᠂ | ᠬᠡᠷ ᠠᠴᠠ ᠪᠠᠨ ᠣᠶᠢᠷᠠᠬᠠᠨ ᠪᠠᠶᠢᠵᠤ᠂ ᠣᠷᠣᠯᠭ᠎ᠠ ᠨᠢ ᠲᠣᠭᠲᠠᠮᠠᠯ ᠪᠠᠶᠢᠵᠤ᠂ ᠡᠳᠦᠷ ᠪᠦᠷᠢ ᠠᠵᠢᠯ ᠳᠤ | ᠭᠠᠷᠤᠭᠰᠠᠨ ᠨᠢ ᠴᠦ ᠮᠠᠰᠢ ᠪᠠᠶᠠᠷᠯᠠᠵᠤ᠂ ᠣᠨᠴᠠᠭᠠᠶ ᠵᠣᠯ ᠵᠢᠷᠭᠠᠯᠲᠤ ᠲᠥᠷᠥᠭᠳᠡᠯ ᠲᠠᠢ ᠪᠠᠶᠢᠨ᠎ᠠ︾ ᠭᠡᠵᠦ ᠰᠢᠶᠧ ᠯᠢ | ᠨᠠ ᠪᠠᠶᠠᠷᠲᠠᠢ ᠪᠠᠷ ᠬᠡᠯᠡᠪᠡ᠃ | | | | | ︵ᠬᠡᠦᠬᠡᠳ ᠠᠰᠠᠷᠠᠭᠴᠢ ᠶᠢᠨ ᠪᠣᠯᠪᠠᠰᠤᠷᠠᠯ ᠤᠨ ᠲᠤᠬᠠᠢ ᠶᠢᠨ ᠲᠠᠯᠠᠪᠠᠢ︶ | | ᠠᠰᠠᠷᠠᠨ ᠬᠦᠮᠦᠵᠢᠭᠦᠯᠦᠭᠴᠢ ᠠᠴᠠ ᠭᠠᠳᠠᠨ᠎ᠠ᠂ ᠬᠤᠤᠯᠢᠩᠭᠤᠤᠯ ᠬᠤᠲᠠ ᠪᠠᠰᠠ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠪᠠ ᠣᠶᠢᠷ᠎ᠠ ᠶᠢᠨ ᠵᠢᠯ ᠤᠨ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠢ | ᠦᠨᠳᠦᠰᠦᠯᠡᠨ᠂ ᠬᠡᠷ ᠤᠨ ᠶᠠᠪᠤᠳᠠᠯ᠂ ᠮᠠᠯᠲᠠᠭᠤᠷ ᠮᠠᠰᠢᠨ᠂ ᠡᠬᠡ ᠨᠢᠯᠬᠠᠰ ᠤᠨ ᠰᠤᠪᠢᠯᠠᠯᠲᠠ᠂ ᠳᠤᠮᠳᠠᠳᠤ ᠮᠠᠶ᠋ᠢᠭ ᠤᠨ | ᠭᠤᠯᠢᠷ ᠢᠳᠡᠭᠡᠨ ᠤ ᠪᠣᠯᠪᠠᠰᠤᠷᠠᠯ ᠵᠡᠷᠭᠡ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ ᠡᠳᠦᠷ ᠤᠨ ᠬᠦᠴᠦᠨ ᠤ ᠵᠠᠬ᠎ᠠ | ᠳᠡᠯᠭᠡᠭᠦᠷ ᠢᠶᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠨᠠᠩ ᠲᠦᠷᠭᠡᠨ᠂ ᠨᠠᠩ ᠣᠨᠣᠪᠴᠢᠲᠠᠶ | ᠠᠵᠢᠯ ᠤᠨ ᠪᠠᠶᠢᠷᠢ ᠶᠢᠨ ᠵᠣᠯᠭᠠᠯᠴᠠᠭ᠎ᠠ ᠶᠢ ᠪᠡᠶᠡᠯᠡᠭᠦᠯᠵᠦ᠂ ᠪᠣᠯᠪᠠᠰᠤᠷᠠᠯ ᠳᠤ ᠣᠷᠣᠯᠴᠠᠭᠰᠠᠳ ᠢ ᠬᠠᠪᠰᠤᠷᠤᠨ ᠠᠵᠢᠯ | ᠣᠯᠭᠤᠪᠠ᠃ ︽ᠮᠢᠨᠦ ᠣᠷᠣᠯᠴᠠᠵᠤ ᠪᠠᠶᠢᠭ᠎ᠠ ᠭᠤᠯᠢᠷ ᠬᠤᠭᠤᠯᠠᠨ ᠤ ᠰᠤᠷᠭᠠᠭᠴᠢ ᠶᠢᠨ ᠰᠤᠷᠭᠠᠯᠲᠠ ᠨᠢ ᠨᠢᠭᠡᠨᠲᠡ | ᠦᠨᠡᠮᠯᠡᠯ ᠣᠯᠵᠠᠶ᠂ ᠰᠡᠳᠬᠢᠴᠡ ᠶᠢᠨ ᠲᠠᠯ᠎ᠠ ᠪᠠᠷ ᠨᠠᠩ ᠢᠳᠡ ᠬᠦᠴᠦᠨ ᠲᠠᠢ ᠪᠣᠯᠵᠤ᠂ ᠪᠠᠭᠰᠢ ᠶᠢᠨ ᠠᠷᠭ᠎ᠠ ᠨᠢ ᠮᠠᠰᠢ | ᠰᠠᠶᠢᠨ ᠪᠠᠶᠢᠵᠤ᠂ ᠮᠢᠨᠦ ᠬᠢᠵᠦ ᠪᠠᠶᠢᠭ᠎ᠠ ᠭᠤᠯᠢᠷ ᠬᠤᠭᠤᠯᠠ ᠨᠢ ᠬᠥᠮᠦᠰ ᠤᠨ ᠬᠦᠷᠢᠶᠡᠯᠡᠯ ᠢ ᠣᠯᠵᠤ᠂ ᠮᠢᠨᠦ | ᠣᠷᠣᠯᠭ᠎ᠠ ᠶᠢ ᠨᠡᠮᠡᠭᠳᠡᠭᠦᠯᠦᠭᠰᠡᠨ ᠮᠥᠷᠲᠡᠭᠡᠨ ᠪᠠᠰᠠ ᠮᠢᠨᠦ ᠬᠡᠷ ᠪᠦᠯᠢ ᠪᠠ ᠬᠡᠤᠬᠡᠳ ᠢ ᠬᠠᠷᠠᠭᠠᠯᠵᠠᠬᠤ ᠶᠢ | ᠰᠠᠭᠠᠲᠠᠭᠠᠬᠤ ᠦᠭᠡᠢ᠂ ᠣᠨᠴᠠᠭᠠᠶ ᠠᠮᠵᠢᠯᠲᠠ ᠣᠯᠬᠤ ᠲᠥᠷᠥᠭᠳᠡᠯ ᠲᠠᠢ ᠪᠠᠶᠢᠨ᠎ᠠ︾ ᠭᠡᠵᠦ ᠪᠠᠭᠰᠢᠨᠠᠷ ᠤᠨ | ᠪᠣᠯᠪᠠᠰᠤᠷᠠᠯ ᠤᠨ ᠠᠩᠬᠢ ᠶᠢᠨ ᠰᠤᠷᠤᠭᠴᠢ ᠰᠦᠨ ᠮᠢᠩ ᠴᠦᠨ ᠰᠡᠳᠬᠢᠯ ᠳᠣᠭᠳᠣᠯᠤᠨ ᠬᠡᠯᠡᠪᠡ᠃ | | | | | ︵ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠮᠡᠷᠭᠡᠵᠢᠯ ᠤᠨ ᠴᠢᠳᠠᠪᠤᠷᠢ ᠶᠢᠨ ᠲᠠᠰ ᠤᠨ ᠦᠨᠡᠮᠯᠡᠯ | ᠠᠪᠬᠤ︶ | | ᠬᠤᠤᠯᠢᠩᠭᠤᠤᠯ ᠬᠤᠲᠠ ᠳᠤ ᠰᠢᠶᠧ ᠯᠢ ᠨᠠ᠂ ᠰᠦᠨ ᠮᠢᠩ ᠴᠦᠨ ᠰᠢᠭ᠋ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠢᠶᠠᠷ ᠳᠠᠮᠵᠢᠨ ᠠᠵᠢᠯ ᠣᠯᠭᠤᠯᠲᠠ ᠶᠢᠨ ᠬᠦᠴᠢᠷ ᠠᠰᠠᠭᠤᠳᠠᠯ ᠠᠴᠠ ᠮᠤᠯᠲᠤᠷᠠᠭᠰᠠᠨ | ᠬᠥᠮᠦᠨ ᠴᠥᠭᠡᠨ ᠲᠣᠭᠠᠨ ᠳᠤ ᠪᠠᠶᠢᠬᠤ ᠥᠬᠡᠶ᠃ ᠲᠠᠳᠠ ᠨᠠᠷ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠬᠤ | ᠂ ᠬᠡᠷ ᠤᠨ ᠶᠠᠪᠤᠳᠠᠯ ᠤᠨ ᠦᠢᠯᠡᠴᠢᠯᠡᠭᠡ᠂ ᠡᠬᠡ ᠨᠢᠯᠬᠠᠰ ᠤᠨ ᠰᠤᠪᠢᠯᠠᠯᠲᠠ ᠵᠡᠷᠭᠡ ᠬᠦᠷᠢᠶᠡᠨ ᠳᠤ ᠢᠳᠡᠪᠬᠢᠲᠡᠶ | ᠠᠵᠢᠯᠯᠠᠵᠤ᠂ ᠨᠢᠭᠡ ᠵᠦᠢᠯ ᠤᠨ ᠮᠡᠷᠭᠡᠵᠢᠯ ᠤᠨ ᠴᠢᠳᠠᠪᠤᠷᠢ ᠪᠠᠷ ᠳᠠᠮᠵᠢᠭᠤᠯᠤᠨ ᠠᠵᠢᠯ ᠤᠯᠬᠤ ︽ᠵᠠᠮ︾ ᠢ | ᠲᠠᠰᠤᠷᠠᠯᠲᠠ ᠥᠬᠡᠶ ᠥᠷᠭᠡᠳᠬᠡᠪᠡ᠃ | ᠠᠵᠢᠯ ᠣᠯᠬᠤ ᠳᠤ ᠬᠦᠴᠢᠷᠲᠠᠢ ᠬᠦᠮᠦᠰ᠂ ᠠᠵᠢᠯ ᠠᠯᠳᠠᠭᠰᠠᠳ ᠤᠨ ᠠᠵᠢᠯ ᠣᠯᠬᠤ ᠦᠢᠯᠡᠰ ᠪᠣᠰᠬᠠᠬᠤ | ᠳᠣᠳᠣᠭᠠᠳᠣ ᠬᠦᠳᠡᠯᠭᠡᠭᠴᠢ ᠬᠦᠴᠦᠨ ᠢ ᠪᠦᠳᠦᠮᠵᠢᠳᠠᠢ ᠬᠦᠭᠵᠢᠬᠡᠵᠦ᠂ ᠠᠵᠢᠯ ᠣᠯᠬᠤ ᠦᠢᠯᠡᠰ ᠪᠣᠰᠬᠠᠬᠤ ᠶᠢ | ᠲᠣᠭᠳᠠᠪᠣᠷᠢᠵᠢᠭᠤᠯᠤᠨ᠂ ᠣᠯᠠᠨ ᠲᠦᠮᠡᠨ ᠤ ᠠᠵᠢᠯ ᠣᠯᠬᠤ ᠣᠷ᠎ᠠ ᠴᠢᠳᠠᠪᠣᠷᠢ ᠶᠢ ᠪᠦᠬᠦ ᠲᠠᠯ᠎ᠠ ᠪᠠᠷ ᠳᠡᠭᠡᠭᠰᠢᠯᠡᠬᠦᠯᠵᠦ | ᠂ ᠣᠯᠠᠨ ᠲᠦᠮᠡᠨ ᠳᠤ ᠨᠢᠬᠡ ᠵᠦᠢᠯ ᠤᠨ ᠮᠡᠷᠭᠡᠵᠢᠯ ᠢ ᠡᠵᠡᠮᠰᠢᠭᠦᠯᠬᠦ ᠶᠢᠨ ᠲᠦᠯᠦᠬᠡ᠂ ᠬᠤᠣᠯᠢᠩᠭᠤᠣᠯ ᠬᠤᠲᠠ ᠶᠢᠨ | ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠬᠤ ᠦᠢᠯᠡᠴᠢᠯᠡᠭᠡᠨ ᠤ ᠲᠦᠪ ᠰᠡᠳᠬᠢᠮᠵᠢ ᠪᠠᠨ | ᠲᠠᠰᠣᠷᠠᠯᠲᠠ ᠦᠬᠡᠢ ᠰᠢᠨᠡᠴᠢᠯᠡᠵᠦ᠂ ︽ᠲᠦᠷᠦ ᠶᠢᠨ ᠪᠣᠳᠣᠯᠭ᠎ᠠ ᠬᠦᠮᠦᠨ ᠢ ᠡᠷᠢᠵᠦ︾᠂ ᠣᠯᠣᠰ ᠤᠨ ᠠᠵᠢᠯ | ᠣᠯᠭᠤᠬᠤ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ ᠪᠠᠷ ᠦᠨᠳᠣᠰᠦ ᠪᠣᠯᠭᠠᠵᠣ᠂ ᠬᠤᠲᠠ ᠪᠠᠯᠭᠠᠰᠣᠨ ᠤ | ᠲᠠᠩᠰᠠᠯᠠᠭᠤᠯᠤᠭᠰᠠᠨ ᠠᠵᠢᠯ ᠠᠯᠳᠠᠭᠰᠠᠳ ᠲᠤ ᠰᠦᠢᠳᠭᠡᠯ ᠬᠤᠷᠢᠶᠠᠬᠤ ᠦᠬᠡᠢ᠂ ᠬᠡᠷᠡᠭᠯᠡᠬᠡᠨ ᠲᠠᠢ ᠮᠡᠷᠭᠡᠵᠢᠯ | ᠴᠢᠳᠠᠪᠣᠷᠢ ᠶᠢᠨ ᠪᠣᠯᠪᠠᠰᠣᠷᠠᠯ ᠢ ᠦᠨᠡᠨ ᠬᠦ ᠬᠠᠩᠭᠠᠵᠦ᠂ ᠪᠠᠶᠠᠵᠢᠨ ᠴᠢᠨᠡᠭᠡᠯᠢᠭᠵᠢᠵᠦ ᠠᠵᠢᠯ ᠣᠯᠬᠤ ᠠᠷᠭ᠎ᠠ ᠵᠠᠮ ᠢ | ᠴᠢᠷᠮᠠᠶᠢᠨ ᠦᠷᠭᠡᠳᠬᠡᠪᠡ᠃ ᠤᠳᠤ ᠪᠤᠯᠳᠠᠯ᠎ᠠ᠂ ᠰᠦᠯᠵᠢᠶ᠎ᠠ ᠪᠠᠷ ᠦᠢᠯᠡᠰ ᠪᠤᠰᠬᠠᠬᠤ᠂ ᠪᠠᠳᠤᠯᠠᠬᠤ ᠶᠢ ᠪᠠᠭᠳᠠᠭᠠᠪᠠ᠃ | |