ᠵᠢᠢ ᠬᠠᠶ ᠶᠠᠩ ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/9/14
   9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

   ᠵᠢᠢ ᠬᠠᠶ ᠶᠠᠩ ᠨᠠᠷ ᠤᠷᠢᠳ ᠬᠤᠵᠢᠳ ᠬᠤᠩ ᠢᠦᠶ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠲᠠᠢ

ᠹᠧᠩ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠳ᠋ᠧ ᠾᠧᠩ ᠷᠧᠨ ᠾᠧᠦ ᠰᠤᠪᠢᠯᠠᠯᠲᠠ᠂ ᠱᠧᠩ ᠬᠠᠨ

ᠰᠣᠶᠣᠯ ᠵᠢᠭᠤᠯᠴᠢᠯᠠᠯ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠯᠢᠦ ᠱᠢ ᠳ᠋ᠦᠩ ᠲᠤᠮᠤ ᠮᠠᠰᠢᠨ

ᠲᠡᠷᠭᠡᠨ ᠤ ᠥᠷᠲᠡᠭᠡ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠬᠤᠯᠪᠣᠭᠳᠠᠯ ᠪᠥᠬᠦᠶ

ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠪᠠ ᠠᠵᠤ ᠠᠬᠤᠶᠢᠯᠠᠯ ᠤᠨ ᠠᠵᠢᠯᠯᠠᠭᠠᠨ ᠤ

ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃

   ᠵᠢᠢ ᠬᠠᠢ ᠶᠠᠩ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ ᠶᠢ

ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠪᠥᠲᠥᠭᠡᠨ ᠪᠠᠶᠢᠭᠤᠯᠵᠤ ᠪᠠᠶᠢᠭ᠎ᠠ ᠬᠡᠷ

ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠴᠠᠭ ᠲᠤᠬᠠᠶ ᠳᠤᠨᠢ ᠴᠢᠨᠠᠷ ᠢ ᠪᠠᠲᠤᠯᠠᠨ ᠲᠤᠰᠢᠶᠠᠬᠤ ᠶᠢ ᠦᠨᠡᠨ

ᠬᠦ ᠪᠠᠲᠤᠯᠠᠵᠤ᠂ ᠬᠤᠲᠠ ᠶᠢᠨ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠵᠢᠷᠠᠭᠤᠯᠬᠤ ᠴᠢᠨᠠᠷᠲᠠᠶ᠂

ᠣᠯᠠᠨ ᠡᠰᠢᠵᠢᠭᠰᠡᠨ᠂ ᠥᠪᠡᠷᠮᠢᠴᠡ ᠣᠨᠴᠠᠯᠢᠭ ᠲᠠᠢ ᠣᠷᠣᠨ ᠰᠠᠭᠤᠴᠠ ᠶᠢᠨ ᠬᠡᠷᠡᠭᠴᠡᠭᠡ ᠶᠢ ᠦᠨᠡᠨ ᠬᠦ ᠬᠠᠩᠭᠠᠬᠤ

ᠬᠡᠷᠡᠭᠲᠡᠶ᠃ ᠳᠤᠮᠳᠠ ᠳᠡᠭᠡᠳᠦ ᠲᠡᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ

ᠵᠣᠬᠢᠰᠲᠠᠢ ᠲᠤᠬᠢᠷᠠᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ

ᠬᠦᠷᠢᠶᠡᠨ ᠤ ᠦᠵᠡᠮᠵᠢ ᠶᠢ ᠲᠡᠰ ᠳᠡᠪᠰᠢᠭᠦᠯᠦᠨ ᠥᠭᠡᠷᠡᠴᠢᠯᠡᠵᠦ᠂ ᠡᠳᠦᠷ ᠳᠤᠳᠤᠮ ᠤᠨ ᠠᠰᠠᠷᠠᠨ ᠬᠠᠷᠠᠭᠠᠯᠵᠠᠬᠤ

ᠦᠢᠯᠡᠴᠢᠯᠡᠭᠡ ᠶᠢ ᠴᠢᠩᠭᠠᠳᠬᠠᠵᠤ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠠᠮᠢᠳᠤᠷᠠᠯ ᠤᠨ ᠵᠣᠯ

ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠱᠧᠩ ᠬᠠᠨ ᠰᠣᠶᠣᠯ ᠵᠤᠭᠠᠴᠠᠯ ᠤᠨ

ᠶᠡᠷᠦᠩᠬᠡᠢ ᠴᠣᠭᠴᠠ ᠶᠢᠨ ᠲᠦᠷᠦᠯ ᠵᠦᠢᠯ ᠢ ᠡᠷᠲᠡᠬᠡᠨ ᠪᠠᠷᠢᠯᠭ᠎ᠠ ᠳᠠᠭᠤᠰᠬᠠᠨ ᠠᠵᠢᠯᠯᠠᠭᠤᠯᠬᠤ ᠶᠢ ᠠᠬᠢᠭᠤᠯᠵᠤ᠂

ᠮᠠᠨ ᠤ ᠬᠤᠲᠠ ᠶᠢᠨ ᠵᠤᠭᠠᠴᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ

ᠲᠡᠭᠦᠯᠳᠡᠷᠵᠢᠭᠦᠯᠵᠦ᠂ ᠬᠤᠳᠠ ᠶᠢᠨ ᠴᠢᠳᠠᠪᠬᠢ ᠶᠢ ᠪᠠᠶᠠᠯᠢᠭᠵᠢᠭᠤᠯᠬᠤ ᠬᠡᠷᠡᠭᠲᠡᠢ᠃ ᠲᠤᠮᠤ ᠮᠠᠰᠢᠨ ᠲᠡᠷᠭᠡᠨ ᠤ

ᠦᠷᠳᠡᠭᠡ᠂ ᠪᠠᠷᠠᠭᠠᠨ ᠤ ᠭᠦᠢᠯᠭᠡᠭᠡᠨ ᠤ ᠬᠦᠢᠰᠦ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ

ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠲᠤᠨᠤᠭ ᠲᠥᠬᠦᠭᠡᠷᠦᠮᠵᠢ ᠶᠢᠨ

ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠬᠠᠩᠭᠠᠯᠭ᠎ᠠ ᠬᠡᠷᠡᠭᠴᠡᠭᠡ ᠲᠤᠬᠢᠷᠠᠮᠵᠢᠳᠠᠢ᠂ ᠳᠣᠲᠣᠭᠠᠳᠤ ᠭᠠᠳᠠᠭᠠᠳᠤ

ᠬᠤᠯᠪᠣᠯᠳᠤᠭᠰᠠᠨ᠂ ᠠᠮᠤᠷ ᠲᠦᠪᠰᠢᠨ ᠥᠨᠳᠥᠷ ᠪᠦᠲᠦᠮᠵᠢᠲᠡᠢ᠂ ᠣᠶᠤᠨᠴᠢ ᠪᠣᠬᠢᠷᠲᠤᠯ ᠦᠭᠡᠢ ᠤᠳᠤ ᠦᠶ᠎ᠡ ᠶᠢᠨ

ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠪᠦᠬᠦ ᠬᠤᠳᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ

ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ︽ᠴᠠᠭ

ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠤᠷᠢᠭ᠎ᠠ ᠱᠤᠭᠤᠮ ᠤᠨ ᠰᠡᠳᠬᠢᠬᠦᠢ ᠪᠠᠷ ᠠᠶᠤᠯᠭᠦᠢ

ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ

ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ

ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号